ᠤᠷᠠᠳ ᠤᠨ ᠬᠤᠶᠢᠲᠤ ᠬᠤᠰᠢᠭᠤᠨ ᠤ ᠬᠢᠨᠠᠨ ᠪᠣᠳᠣᠯᠲᠠ ᠶᠢᠨ ᠲᠣᠪᠴᠢᠶ᠎ᠠ ᠳ᠋ᠧᠩᠺᠸᠤ ᠰᠢᠶᠠᠨ ᠳᠤ ᠬᠦᠷᠴᠦ ᠪᠥᠬᠦ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠣᠳᠣᠯᠲᠠ ᠶᠢᠨ ᠠᠵᠢᠯ ᠲᠥᠷᠥᠯ ᠤᠨ ᠰᠣᠯᠢᠯᠴᠠᠭᠠᠨ ᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/4/11
      4 ᠰᠠᠷ᠎ᠠ ᠶᠢᠨ 1 ᠤ ᠡᠳᠦᠷ᠂ ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠳ᠋ᠧᠩᠺᠸᠤ ᠰᠢᠶᠠᠨ ᠳᠤ ᠬᠦᠷᠴᠦ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠤᠳᠤᠬᠤ ᠠᠵᠢᠯ ᠲᠥᠷᠥᠯ ᠤᠨ ᠰᠢᠰᠲ᠋ᠧᠮ ᠤᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠢ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠰᠠᠯᠠᠭᠠᠨ ᠤ ᠳᠠᠷᠤᠭ᠎ᠠ ᠺᠠᠩ ᠵᠢᠶᠦ᠋ᠨ ᠹᠧᠩ ᠡᠷᠭᠢᠯᠡᠵᠦ᠂ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠳᠡᠳ᠋ ᠳᠠᠷᠤᠭ᠎ᠠ ᠰᠢᠶᠧ ᠱᠤ᠋ ᠰᠢᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠬᠤᠰᠢᠭᠤ ᠰᠢᠶᠠᠨ ︵ᠲᠣᠭᠤᠷᠢᠭ︶ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠵᠠᠰᠠᠭ ᠵᠠᠬᠢᠷᠭᠠᠨ ᠤ ᠠᠵᠢᠯ ᠦᠢᠯᠡᠰ ᠤᠨ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ ᠡᠯ᠎ᠡ ᠬᠤᠰᠢᠭᠤ ᠰᠢᠶᠠᠨ ︵ᠲᠣᠭᠤᠷᠢᠭ︶ ᠤ ᠬᠢᠨ ᠭᠤᠣᠯᠳᠠᠭᠤ ︽2022 ᠣᠨ ᠤ ᠪᠦᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠰᠬᠠᠢ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ︾ ᠪᠠᠷ ᠭᠤᠣᠯ ᠰᠡᠳᠦᠪ ᠪᠣᠯᠭᠠᠵᠤ᠂ ᠨᠢᠳᠤᠨᠤᠨ ᠤ ᠬᠢᠨᠠᠨ ᠪᠤᠳᠤᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ᠂ ᠠᠵᠢᠯ ᠤᠨ ᠠᠬᠢᠴᠠ ᠶᠢ ᠬᠠᠷᠰᠢᠯᠠᠬᠤ ᠪᠦᠬᠦᠢ ᠪᠡᠷᠬᠡ ᠠᠰᠠᠭᠤᠳᠠᠯ᠂ ᠬᠢᠨᠠᠨ ᠪᠤᠳᠤᠬᠤ ᠠᠰᠠᠭᠤᠳᠠᠯ ᠢ ᠰᠤᠳᠤᠯᠤᠨ ᠮᠠᠭᠠᠳᠯᠠᠬᠤ ᠪᠠᠷᠢᠮᠵᠢᠶ᠎ᠠ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠡᠨᠡ ᠵᠢᠯ ᠤᠨ ᠥᠷᠨᠢᠭᠦᠯᠬᠦ ᠪᠠᠷ ᠪᠠᠶᠢᠭ᠎ᠠ ︽2023 ᠣᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠤᠰᠬᠠᠢ ᠬᠢᠨᠠᠨ ᠪᠣᠳᠣᠯᠲᠠ ᠶᠢᠨ ᠪᠠᠶᠢᠴᠠᠭᠠᠯᠲᠠ︾ ᠶᠢᠨ ᠠᠵᠢᠯ ᠤᠨ ᠰᠡᠳᠬᠢᠮᠵᠢ᠂ ᠬᠢᠨᠠᠨ ᠪᠣᠳᠣᠯᠲᠠ ᠶᠢᠨ ᠲᠤᠷᠰᠢᠯᠭ᠎ᠠ ᠠᠷᠭ᠎ᠠ ᠬᠢᠳᠡᠯ᠂ ᠬᠢᠨᠠᠨ ᠪᠣᠳᠣᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠪᠠᠷ ᠬᠢ ᠠᠷᠭ᠎ᠠ ᠲᠤᠷᠰᠢᠯᠭ᠎ᠠ ᠪᠠᠨ ᠰᠤᠯᠢᠯᠴᠠᠪᠠ᠃      ᠬᠤᠷᠠᠯ ᠳᠡᠭᠡᠷ᠎ᠡ ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠵᠠᠰᠠᠭ ᠵᠠᠬᠢᠷᠭ᠎ᠠ ᠠᠵᠢᠯ ᠦᠢᠯᠡᠰ ᠨᠡᠶᠢᠭᠡᠮ ᠤᠨ ᠪᠠᠲᠤᠯᠠᠭ᠎ᠠ ᠶᠢᠨ ᠲᠠᠰᠤᠭ ᠤᠨ ᠳᠠᠷᠤᠭ᠎ᠠ ᠤᠬᠠᠭᠠᠠᠳᠤ ᠨᠥᠬᠦᠷ ᠳᠡᠭᠡᠷᠡᠬᠢ ᠠᠭᠤᠯᠭ᠎ᠠ ᠶᠢ ᠨᠠᠷᠢᠨ ᠨᠢᠮᠪᠠᠢ ᠰᠣᠯᠢᠯᠴᠠᠵᠤ ᠰᠤᠳᠤᠯᠤᠨ ᠶᠠᠷᠢᠯᠴᠠᠪᠠ᠃ ᠳᠡᠳ᠋ ᠲᠣᠪᠴᠢᠶᠠᠨ ᠳᠠᠷᠤᠭ᠎ᠠ ᠯᠢ ᠵᠢᠢ ᠲᠢᠶᠠᠨ ᠨᠥᠬᠦᠷ 2023 ᠣᠨ ᠤ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠪᠥᠬᠦ ᠬᠤᠲᠠ ᠶᠢᠨ ᠨᠢᠭᠡᠳᠦᠭᠡᠷ ᠲᠤ ᠣᠷᠣᠭᠰᠠᠨ ᠰᠠᠭᠤᠷᠢᠨ ᠳᠡᠭᠡᠷ᠎ᠡ᠂ ᠮᠠᠨ ᠤ ᠲᠣᠪᠴᠢᠶ᠎ᠠ ᠤᠷᠠᠳ ᠤᠨ ᠬᠤᠶᠢᠲᠤ ᠬᠤᠰᠢᠭᠤᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠰᠬᠠᠢ ᠬᠢᠨᠠᠨ ᠪᠣᠳᠣᠯᠲᠠ ᠶᠢ ᠬᠡᠷᠬᠢᠨ ᠥᠷᠨᠢᠭᠦᠯᠬᠦ ᠲᠤᠬᠠᠢ ᠲᠣᠪᠴᠢ ᠶᠠᠷᠢᠶ᠎ᠠ ᠲᠠᠯᠪᠢᠭᠰᠠᠨ ᠪᠥᠭᠡᠳ ᠲᠣᠰ ᠤᠳᠠᠭᠠᠨ ᠤ ᠬᠢᠨᠠᠨ ᠪᠣᠳᠣᠯᠲᠠ ᠪᠠᠷ ᠳᠠᠮᠵᠢᠭᠤᠯᠤᠨ ᠤᠷᠠᠳ ᠤᠨ ᠬᠤᠶᠢᠳᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦ ᠨᠡᠮᠡᠷᠢᠯᠡᠬᠦ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ