ᠣᠷᠠᠳ ᠤᠨ ᠡᠮᠦᠨᠡᠲᠦ ᠬᠤᠰᠢᠭᠤ ᠨᠢᠰᠭᠡᠯ ᠢᠶᠠᠷ 6.5 ᠲᠦᠮᠡᠨ ᠮᠦ ᠨᠣᠲᠤᠭ ᠪᠡᠯᠴᠢᠭᠡᠷ ᠲᠤ ᠬᠤᠯᠤᠭᠠᠨ᠎ᠠ ᠶᠢ ᠰᠡᠷᠭᠡᠶᠢᠯᠡᠬᠦ ᠡᠮ ᠰᠠᠴᠣᠪᠠ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤ 4 ᠡᠳᠦᠷ ᠤᠨ ᠬᠤᠭᠤᠴᠠᠭ᠎ᠠ ᠶᠢ ᠬᠡᠷᠡᠭᠰᠡᠨ ᠡᠷᠳᠡᠨᠢᠪᠤᠯᠠᠭ ᠰᠤᠮᠤ ᠶᠢᠨ ᠠᠷᠴᠠ ᠭᠠᠴᠠᠭᠠᠨ ᠳᠤ ᠨᠢᠰᠬᠡᠯ ᠢᠶᠠᠷ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠥᠷᠨᠢᠭᠦᠯᠵᠦ᠂ ᠰᠡᠷᠭᠡᠶᠢᠯᠡᠨ ᠵᠠᠰᠠᠭᠰᠠᠨ ᠲᠠᠯᠠᠪᠠᠶ ᠨᠢ 6.5 ᠲᠦᠮᠡᠨ ᠮᠦ ᠳᠤ ᠬᠦᠷᠴᠦ᠂ ᠵᠢᠱᠢᠯᠲᠡ ᠪᠠᠷ ᠨᠡᠶᠢᠲᠡ 45 ᠤᠳᠠᠭ᠎ᠠ ᠨᠢᠰᠭᠡᠨ ᠡᠮ ᠰᠠᠴᠣᠬᠤ ᠪᠣᠯᠣᠨ᠎ᠠ᠃       ᠬᠠᠪᠤᠷ ᠤᠨ ᠠᠭᠤᠷ ᠣᠷᠣᠭᠰᠠᠨ ᠠᠴᠠ ᠨᠠᠰᠢ᠂ ᠤᠷᠠᠳ ᠤᠨ ᠡᠮᠦᠨᠡᠲᠦ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠮᠡᠷᠭᠡᠵᠢᠯ ᠤᠨ ᠠᠵᠢᠯᠲᠠᠳ ᠠᠴᠠ ᠤᠷᠢᠳ ᠬᠤᠵᠢᠳ ᠪᠦᠭᠦ ᠬᠤᠰᠢᠭᠤᠨ ᠤ 388 ᠲᠦᠮᠡᠨ ᠮᠣ᠋ ᠪᠠᠶᠢᠭᠠᠯᠢ ᠶᠢᠨ ᠨᠤᠲᠤᠭ ᠪᠡᠯᠴᠢᠭᠡᠷ ᠪᠠ ᠪᠤᠰᠤᠳ ᠪᠡᠯᠴᠢᠭᠡᠷ ᠲᠤ ᠪᠠᠶᠢᠴᠠᠭᠠᠯᠲᠠ ᠬᠢᠵᠦ ᠰᠡᠷᠭᠡᠶᠢᠯᠡᠨ ᠵᠠᠰᠠᠬᠤ ᠲᠠᠯᠠᠪᠠᠢ ᠶᠢ 10.5 ᠲᠦᠮᠡᠨ ᠮᠣ᠋ ᠪᠠᠷ ᠲᠣᠭᠲᠠᠭᠠᠵᠠᠢ᠃ ᠡᠭᠦᠨ ᠳᠤ ᠨᠢᠰᠬᠡᠯ ᠢᠶᠠᠷ ᠰᠡᠷᠭᠡᠶᠢᠯᠡᠨ ᠵᠠᠰᠠᠬᠤ ᠲᠠᠯᠠᠪᠠᠢ 6.5 ᠲᠦᠮᠡᠨ ᠮᠣ᠋᠂ ᠮᠠᠰᠢᠨ ᠮᠧᠬᠠᠨᠢᠭ ᠢᠶᠠᠷ ᠰᠡᠷᠭᠡᠶᠢᠯᠡᠨ ᠵᠠᠰᠠᠬᠤ ᠲᠠᠯᠠᠪᠠᠢ 4 ᠲᠦᠮᠡᠨ ᠮᠣ᠋ ᠪᠠᠶᠢᠵᠤ᠂ ᠵᠢᠱᠢᠯᠲᠡ ᠪᠠᠷ 4 ᠰᠠᠷ᠎ᠠ ᠶᠢᠨ ᠡᠬᠢ ᠪᠠᠷ ᠳᠠᠭᠤᠰᠴᠤ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ 90 % ᠠᠴᠠ ᠳᠡᠭᠡᠭᠰᠢ ᠳᠤ ᠬᠦᠷᠭᠡᠵᠦ᠂ ᠬᠤᠯᠤᠭᠠᠨ᠎ᠠ ᠶᠢᠨ ᠨᠢᠭᠲᠠᠴᠠ ᠪᠠ ᠬᠤᠯᠤᠭᠠᠨ᠎ᠠ ᠶᠢᠨ ᠬᠥᠨᠥᠭᠡᠯ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠶᠢ ᠪᠦᠲᠦᠮᠵᠢᠲᠡᠶ ᠪᠠᠭᠠᠰᠬᠠᠬᠤ ᠪᠤᠯᠤᠨ᠎ᠠ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ