ᠬᠠᠩᠭᠢᠨ ᠬᠤᠶᠢᠲᠤ ᠬᠤᠰᠢᠭᠤ 2024 ᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠡᠷᠡᠭᠦᠯ ᠡᠩᠬᠡ ᠬᠠᠩᠭᠢᠨ ᠬᠤᠶᠢᠲᠤ ᠬᠤᠰᠢᠭᠤᠨ ᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
      ᠠᠷᠠᠳ ᠣᠯᠠᠨ ᠤ ᠡᠷᠡᠭᠦᠯ ᠮᠡᠨᠳᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠣᠯᠤᠨ ᠡᠷᠡᠭᠦᠯ ᠡᠩᠬᠡ ᠬᠠᠩᠭᠢᠨ ᠬᠤᠶᠢᠲᠤ ᠬᠤᠰᠢᠭᠤᠨ ᠤ ᠠᠵᠢᠯᠯᠠᠭ᠎ᠠ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ 4 ᠰᠠᠷ᠎ᠠ ᠶᠢᠨ 2 ᠤᠨ ᠡᠳᠦᠷ᠂ ᠬᠠᠩᠭᠢᠨ ᠬᠤᠶᠢᠲᠤ ᠬᠤᠰᠢᠭᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠪᠠ ᠡᠷᠡᠭᠦᠯ ᠡᠩᠬᠡ ᠬᠠᠩᠭᠢᠨ ᠬᠤᠶᠢᠲᠤ ᠬᠤᠰᠢᠭᠤᠨ ᠤ ᠠᠵᠢᠯᠯᠠᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠡᠬᠢᠯᠡᠯᠲᠡ ᠶᠢᠨ ᠬᠤᠷᠠᠯ ᠬᠢᠵᠦ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ ᠯᠢ ᠯᠦᠩ ᠬᠤᠷᠠᠯ ᠳᠤ ᠣᠷᠣᠯᠴᠠᠨ ᠴᠢᠬᠤᠯᠠ ᠶᠠᠷᠢᠶ᠎ᠠ ᠲᠠᠯᠪᠢᠵᠤ᠂ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ᠂ ᠡᠷᠡᠭᠦᠯ ᠡᠩᠬᠡ ᠬᠠᠩᠭᠢᠨ ᠬᠤᠶᠢᠲᠤ ᠬᠤᠰᠢᠭᠤᠨ ᠤ ᠠᠵᠢᠯᠯᠠᠭᠠᠨ ᠤ ᠡᠯ᠎ᠡ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠯᠢ ᠯᠦᠩ ᠴᠢᠬᠤᠯᠠᠴᠢᠯᠠᠭᠰᠠᠨ ᠨᠢ᠂ ᠡᠯ᠎ᠡ ᠪᠦᠷᠢᠯᠳᠦᠬᠦᠨ ᠨᠢᠭᠡᠴᠡ ᠨᠢᠭᠡ ᠳᠤ ︽ᠨᠢᠭᠡ ᠭᠠᠷᠠᠭ ᠲᠤ ᠨᠢᠭᠡ ᠰᠠᠷ᠎ᠠ︾ ᠶᠢᠨ ᠠᠵᠢᠯᠯᠠᠭ᠎ᠠ ᠥᠷᠨᠢᠭᠦᠯᠬᠦ ᠪᠠᠷ ᠭᠠᠷᠳᠠᠴᠠ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ ᠃ ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠲᠠᠢ ᠤᠶᠠᠯᠳᠤᠭᠤᠯᠤᠨ᠂ ᠣᠯᠠᠨ ᠶᠠᠩᠵᠤ ᠶᠢᠨ ᠬᠡᠯᠪᠡᠷᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠨ ᠤ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠲᠦᠮᠡᠨ ᠳᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ ᠬᠤᠶᠠᠷ ᠲᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠬᠤ ᠪᠠᠷ ᠠᠴᠢᠶᠠᠯᠠᠪᠤᠷᠢ ᠪᠣᠯᠭᠠᠵᠤ᠂ ᠠᠷᠢᠭᠤᠨ ᠴᠡᠪᠡᠷ ᠬᠤᠲᠠ ᠪᠠᠯᠭᠠᠰᠤ ᠶᠢ ᠪᠠᠬᠢᠵᠢᠭᠦᠯᠬᠦ ᠪᠠ ᠡᠭᠦᠳᠦᠨ ᠪᠠᠶᠢᠭᠤᠯᠬᠤ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠵᠠᠰᠠᠬᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠳᠡᠭᠡᠭᠰᠢᠯᠡᠭᠦᠯᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠠᠨ ᠤ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠴᠢᠳᠠᠪᠤᠷᠢ ᠪᠠ ᠵᠠᠰᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠡᠷᠡᠭᠦᠯ ᠡᠩᠬᠡ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠡᠷᠡᠭᠦᠯ ᠡᠩᠬᠡ ᠬᠠᠩᠭᠢᠨ ᠬᠤᠶᠢᠲᠤ ᠬᠤᠰᠢᠭᠤᠨ ᠤ ᠠᠵᠢᠯᠯᠠᠭ᠎ᠠ ᠶᠢ ᠬᠦᠴᠦᠲᠡᠶ ᠠᠬᠢᠭᠤᠯᠤᠨ᠎ᠠ᠃ ᠡᠯ᠎ᠡ ᠪᠦᠷᠢᠯᠳᠦᠬᠦᠨ ᠨᠢᠭᠡᠴᠡ ᠶᠢᠨ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 2023 ᠣᠨ ᠤ ᠬᠢᠨᠠᠨ ᠰᠢᠯᠭᠠᠭᠰᠠᠨ ᠦᠷ᠎ᠡ ᠳ᠋ᠦᠩ ᠳᠤ ᠵᠢᠭᠠᠵᠤ ᠭᠠᠷᠭᠠᠭᠰᠠᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠵᠤᠷᠪᠤᠰ ᠳᠠᠷᠠᠭᠠᠯᠠᠨ ᠨᠠᠷᠢᠯᠢᠬᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ 17 ᠲᠤᠰᠬᠠᠶ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ  ᠵᠦᠢᠯ ᠤᠨ ᠬᠠᠷᠠᠯᠲᠠ ᠶᠢᠨ ᠬᠦᠢᠴᠡᠳᠭᠡᠯ ᠲᠤᠭ᠎ᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ