ᠦᠶᠣᠸᠠᠨ ᠰᠢᠶᠠᠨ ᠤ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠵᠢᠴᠢ ︽ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠡᠩᠬᠡ ᠪᠡᠶ᠎ᠡ ᠶᠢᠨ ᠬᠦᠨᠳᠦ︾ ᠶᠢᠨ ᠲᠤᠰᠬᠠᠢ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/4/11
      ᠡᠷᠡᠭᠦᠯ ᠰᠠᠷᠠᠭᠤᠯ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠵᠤ᠂ ᠪᠦᠬᠦ ᠠᠷᠠᠳ ᠢᠶᠠᠷ ᠢᠶᠠᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠮᠠᠨ ᠤ ᠰᠢᠶᠠᠨ ᠤ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠵᠢᠴᠢ ︽ᠡᠷᠡᠭᠦᠯ ᠡᠩᠬᠡ ᠬᠤᠲᠠ ᠪᠠᠯᠭᠠᠰᠤ᠂ ᠡᠷᠡᠭᠦᠯ ᠡᠩᠬᠡ ᠪᠡᠶ᠎ᠡ ᠶᠢᠨ ᠬᠦᠨᠳᠦ ︾  ᠶᠢᠨ ᠲᠤᠰᠬᠠᠢ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠰᠢᠨ ᠷᠦᠢ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠰᠦᠨ ᠮᠧᠶ ᠶᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠢ ᠰᠢᠶᠠ ᠠᠵᠢᠯᠯᠠᠭ᠎ᠠ ᠳᠤ ᠣᠷᠣᠯᠴᠠᠪᠠ᠃       ᠶᠣᠰᠣᠯᠠᠯ ᠳᠡᠭᠡᠷ᠎ᠡ᠂ ᠰᠦᠨ ᠮᠧᠶ ᠶᠢᠩ ᠢᠯᠡᠷᠬᠡᠶᠢᠯᠡᠬᠦ ᠳᠡᠭᠡᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠠᠵᠢᠯᠯᠠᠭ᠎ᠠ ᠶᠢ ᠴᠢᠨᠠᠷ ᠰᠠᠶᠢᠲᠠᠢ ᠵᠣᠬᠢᠶᠠᠨ ᠪᠠᠶᠢᠭᠤᠯᠵᠤ᠂ ᠪᠦᠬᠦ ᠤᠯᠤᠰ ᠤᠨ 36 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠣᠯ ᠰᠡᠳᠦᠪ ᠲᠠᠢ ᠤᠶᠠᠯᠳᠤᠭᠤᠯᠵᠤ᠂ ︽ᠡᠷᠡᠭᠦᠯ ᠴᠢᠭᠢᠷᠠᠭ ᠪᠡᠶ᠎ᠡ ᠶᠢᠨ ᠬᠦᠨᠳᠦ︾ ᠶᠢᠨ ᠬᠠᠮᠢᠶᠠᠷᠤᠯᠲᠠ ᠪᠠᠷ ᠠᠵᠠ ᠲᠣᠬᠢᠶᠠᠯ ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠦᠢᠯᠡᠳᠦᠯᠭᠡ ᠪᠠᠷ ᠭᠠᠷᠳᠠᠴᠠ ᠪᠣᠯᠭᠠᠵᠤ᠂ ᠡᠷᠡᠭᠦᠯ ᠡᠩᠬᠡ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠡᠭᠦᠳᠴᠦ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠣᠯᠪᠠᠰᠤᠨ ᠡᠷᠡᠭᠦᠯ ᠨᠡᠶᠢᠭᠡᠮ ᠤᠨ ᠰᠣᠶᠣᠯ ᠢ ᠪᠠᠳᠠᠷᠠᠭᠤᠯᠵᠤ᠂ ᠡᠷᠡᠭᠦᠯ ᠡᠩᠬᠡ ᠲᠠᠪᠤᠨ ᠤᠭᠰᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠴᠢᠨᠠᠭᠰᠢᠳᠠ ᠪᠠᠬᠢᠵᠢᠭᠦᠯᠬᠦ ᠬᠡᠷᠡᠭᠲᠡᠢ ᠭᠡᠪᠡ᠃ ᠳᠠᠷᠠᠭ᠎ᠠ ᠳᠤᠨᠢ ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠬᠠᠷᠢᠭᠤᠴᠠᠯᠭᠠᠲᠠᠨ ︽ᠦᠶᠤᠸᠠᠨ ᠰᠢᠶᠠᠨ ᠤ 36 ᠳ᠋ᠤᠭᠠᠷ ᠰᠠᠷ᠎ᠠ ᠶᠢᠨ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠣᠯᠠᠨ ᠢᠶᠠᠷ ᠢᠶᠠᠨ ᠪᠡᠶ᠎ᠡ ᠶᠢᠨ ᠬᠦᠨᠳᠦ ᠶᠢᠨ ᠠᠰᠠᠭᠤᠳᠠᠯ ᠢ ᠴᠢᠬᠤᠯᠠᠴᠢᠯᠠᠨ ᠦᠵᠡᠵᠦ᠂ ᠰᠢᠨᠵᠢᠯᠡᠬᠦ ᠤᠬᠠᠭᠠᠨᠴᠢ ᠪᠠᠷ ᠬᠥᠳᠡᠯᠭᠡᠭᠡᠨ ᠬᠢᠬᠦ᠂ ᠢᠳᠡᠭᠡᠨ ᠤᠮᠳᠠᠭᠠᠨ ᠢᠶᠠᠨ ᠵᠣᠬᠢᠰᠲᠠᠢ ᠲᠣᠬᠢᠷᠠᠭᠤᠯᠬᠤ᠂ ᠰᠢᠮ᠎ᠡ ᠲᠡᠵᠢᠭᠡᠯ ᠢᠶᠠᠨ ᠲᠣᠬᠢᠷᠠᠭᠤᠯᠬᠤ᠂ ᠰᠡᠳᠬᠢᠴᠡ ᠪᠠᠨ ᠲᠣᠬᠢᠷᠠᠭᠤᠯᠬᠤ ᠵᠡᠷᠭᠡ ᠪᠠᠷ ᠳᠠᠮᠵᠢᠭᠤᠯᠤᠨ ᠡᠷᠡᠭᠦᠯ ᠴᠢᠭᠢᠷᠠᠭ ᠪᠡᠶ᠎ᠡ ᠶᠢᠨ ᠬᠦᠨᠳᠦ ᠳᠤ ᠬᠦᠷᠴᠦ᠂ ᠡᠷᠡᠭᠦᠯ ᠴᠢᠭᠢᠷᠠᠭ ᠠᠮᠢᠳᠤᠷᠠᠯ ᠢ ᠬᠠᠮᠲᠤᠪᠠᠷ ᠡᠳ᠋ᠯᠡᠬᠦ ᠶᠢ ᠤᠷᠢᠶᠠᠯᠠᠪᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠯ᠎ᠡ ᠨᠢᠭᠡᠴᠡ ᠨᠦᠭᠦᠳ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ᠂ ᠠᠮᠢᠳᠤᠷᠠᠯ ᠤᠨ ᠬᠡᠷᠡᠭᠰᠡᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠡᠭᠦᠯ ᠮᠡᠨᠳᠦ ᠶᠢᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠪᠡ᠃ ᠰᠢᠶᠠᠨ ᠤ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠨᠤᠭᠤᠳ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠵᠦ᠂ ᠪᠡᠶ᠎ᠡ ᠮᠠᠬᠠᠪᠤᠳ ᠤᠨ ᠰᠢᠯᠭᠠᠨ ᠪᠠᠶᠢᠴᠠᠭᠠᠯᠲᠠ ᠬᠢᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠳᠤ ᠲᠠᠩᠰᠤᠭ ᠰᠠᠶᠢᠬᠠᠨ ᠰᠣᠨᠢᠷᠬᠠᠯ ᠤᠨ ᠬᠥᠳᠡᠯᠭᠡᠭᠡᠨ ᠤ ᠵᠦᠢᠯᠡᠰ᠂ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠰᠢᠶᠠᠩ ᠪᠠᠯᠭᠠᠰᠤᠨ ᠳᠤ ᠬᠦᠷᠭᠡᠬᠦ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠭᠡ ᠵᠡᠷᠭᠡ ᠰᠢᠷᠢᠰ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠢ ᠬᠥᠮᠥᠨ ᠪᠦᠬᠦᠨ ᠣᠷᠣᠯᠴᠠᠵᠤ᠂ ᠡᠷᠡᠭᠦᠯ ᠴᠢᠭᠢᠷᠠᠭ ᠠᠮᠢᠳᠤᠷᠠᠯ ᠢ ᠬᠥᠮᠥᠨ ᠪᠦᠬᠦᠨ ᠡᠳ᠋ᠯᠡᠬᠦ︾ ᠶᠢ ᠰᠠᠨᠠᠭᠠᠴᠢᠯᠠᠨ᠎ᠠ᠃      ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠡᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶᠤᠨ ᠤ ᠪᠣᠯᠪᠠᠰᠤᠨ ᠤ ᠠᠯᠪᠠᠨ ᠭᠡᠷ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ ᠵᠢᠴᠢ ᠡᠯ᠎ᠡ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠪᠦᠷᠢᠯᠳᠦᠭᠦᠨ ᠨᠢᠭᠡᠴᠡ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃  
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ