ᠦᠶᠤᠸᠠᠨ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠲᠤᠰᠬᠠᠢ ᠰᠡᠳᠦᠪᠲᠦ ᠰᠢᠯᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/4/11
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭᠠᠨ ᠤ ᠤᠬᠠᠮᠰᠠᠷ ᠢᠶᠠᠨ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠶᠢᠨ ᠲᠥᠯᠥᠭᠡ᠂ 3 ᠰᠠᠷ᠎ᠠ ᠶᠢᠨ 29 ᠤ ᠡᠳᠦᠷ ᠠᠴᠠ 4 ᠰᠠᠷ᠎ᠠ ᠶᠢᠨ 1 ᠤ ᠡᠳᠦᠷ ᠪᠣᠯᠲᠠᠯ᠎ᠠ᠂ ᠦᠶᠤᠸᠠᠨ ᠰᠢᠶᠠᠨ ᠤ ᠬᠢᠨ ᠪᠦᠬᠦ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠮᠡᠳᠡᠯᠭᠡ ᠶᠢᠨ ᠰᠢᠯᠭᠠᠯᠲᠠ ᠳᠤ ᠣᠷᠣᠯᠴᠠᠭᠤᠯᠵᠠᠢ᠃       ᠲᠣᠰ ᠤᠳᠠᠭᠠᠨ ᠤ ᠰᠢᠯᠭᠠᠯᠲᠠ ᠳᠤ ᠰᠢᠯᠭᠠᠯᠲᠠ ᠶᠢᠨ ᠬᠠᠭᠤᠳᠠᠰᠤ ᠶᠢ ᠬᠠᠭᠠᠵᠤ ᠰᠡᠳᠦᠪ ᠬᠠᠷᠢᠭᠤᠯᠬᠤ ᠠᠷᠭ᠎ᠠ ᠮᠠᠶ᠋ᠢᠭ ᠢ ᠠᠪᠴᠤ᠂ ᠭᠤᠣᠯᠳᠠᠭᠤ ᠪᠥᠬᠦ ᠺᠠᠳ᠋ᠷ ᠠᠵᠢᠯᠲᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠬᠠᠢ ᠮᠡᠳᠡᠪᠡᠯ ᠵᠣᠬᠢᠬᠤ ᠵᠦᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠣᠶᠢᠯᠠᠭᠠᠨ ᠡᠵᠡᠮᠰᠢᠭᠰᠡᠨ ᠬᠡᠮᠵᠢᠶ᠎ᠡ ᠶᠢ ᠰᠢᠯᠭᠠᠨ ᠪᠠᠶᠢᠴᠠᠭᠠᠨ᠎ᠠ᠃ ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ︽ᠬᠡᠮᠵᠢᠯᠲᠡ ᠪᠠᠷ ᠰᠤᠷᠤᠯᠴᠠᠯᠭ᠎ᠠ ᠶᠢ ᠠᠬᠢᠭᠤᠯᠬᠤ ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ᠂ ᠠᠳᠠᠯᠢᠳᠬᠠᠨ ᠰᠤᠷᠤᠯᠴᠠᠬᠤ ᠶᠢ ᠬᠥᠭᠡᠭᠡᠵᠦ ᠭᠦᠢᠴᠡᠨ ᠳᠠᠪᠠᠭ᠋ᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ︾ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃       ᠳᠠᠷᠠᠭᠠᠴᠢ ᠶᠢᠨ ᠠᠯᠬᠤᠮ ᠳᠤ᠂ ᠦᠶᠤᠸᠠᠨ ᠰᠢᠶᠠᠨ ᠤ ᠬᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢᠨ ᠮᠡᠳᠡᠯᠭᠡ ᠶᠢᠨ ᠰᠢᠯᠭᠠᠯᠲᠠ ᠶᠢ ᠦᠷᠭᠦᠯᠵᠢᠯᠡᠨ ᠥᠷᠨᠢᠭᠦᠯᠵᠦ᠂ ᠪᠦᠬᠦ ᠺᠠᠳ᠋ᠷ ᠠᠵᠢᠯᠲᠠᠨ ᠠᠵᠢᠯᠴᠢᠨ ᠤ ᠤᠨᠤᠯ ᠪᠠ ᠦᠢᠯᠡᠳᠦᠯᠭᠡ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠤ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠤᠬᠠᠮᠰᠠᠷᠲᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃  
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ