ᠤᠷᠠᠳ ᠤᠨ ᠳᠤᠮᠳᠠᠳᠤ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠰᠤᠷᠭᠠᠭᠤᠯᠢ ᠶᠢᠨ ᠳᠣᠲᠣᠭᠠᠳᠤ ᠡᠵᠡᠮᠳᠡᠯ ᠤᠨ ᠳᠦᠷᠢᠮ ᠢ ᠴᠢᠩᠭᠠᠳᠬᠠᠬᠤ ᠲᠤᠬᠠᠶ ᠰᠠᠨᠠᠭᠤᠯᠭ᠎ᠠ ᠳᠤᠷᠠᠳᠪᠠ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠨᠢᠭᠡᠨ ᠳᠤᠮᠳᠠᠳᠤ ᠰᠤᠷᠭᠠᠭᠤᠯᠢ ᠶᠢᠨ ᠡᠳ᠋ ᠤᠨ ᠵᠠᠰᠠᠭ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠦᠶ᠎ᠡ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠠᠷᠭᠠᠴᠠᠭᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠪᠠ᠃       ᠨᠢᠬᠡ ᠳᠤ᠂ ᠳᠣᠲᠣᠭᠠᠳᠤ ᠡᠵᠡᠮᠳᠡᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠳᠡᠢ᠃ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠳᠣᠲᠣᠭᠠᠳᠤ ᠡᠵᠡᠮᠳᠡᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠢᠶᠠᠨ ᠲᠣᠳᠣᠷᠬᠠᠶᠢᠯᠠᠨ᠂ ᠠᠵᠢᠯ ᠤᠨ ᠴᠤᠪᠤᠷᠠᠯ ᠢᠶᠠᠨ ᠵᠢᠷᠤᠮᠵᠢᠭᠤᠯᠵᠤ᠂ ᠳᠣᠲᠣᠭᠠᠳᠤ ᠡᠵᠡᠮᠳᠡᠯ ᠤᠨ ᠬᠡᠷᠡᠭᠵᠢᠭᠦᠯᠬᠦ ᠬᠦᠴᠦᠨ ᠢᠶᠠᠨ ᠴᠢᠩᠭᠠᠤᠨᠬᠠᠬᠤ ᠬᠡᠷᠡᠭᠳᠡᠢ᠃       ᠬᠤᠶᠡᠷ ᠲᠤ᠂ ᠲᠦᠭᠰᠢᠭᠦᠷᠢ ᠶᠢᠨ ᠬᠠᠮᠢᠶᠠᠷᠤᠯᠲᠠ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠳᠡᠢ᠃ ᠲᠦᠭᠰᠢᠭᠦᠷᠢ ᠶᠢ ᠦᠨᠡᠯᠡᠨ ᠵᠢᠱᠢᠬᠦ ᠪᠠ ᠰᠡᠷᠡᠮᠵᠢᠯᠡᠭᠦᠯᠬᠦ ᠲᠣᠭᠲᠠᠴᠠ ᠶᠢᠨ ᠪᠠᠶᠢᠭᠤᠯᠤᠯᠲᠠ ᠪᠠᠨ ᠴᠢᠩᠭᠠᠳᠬᠠᠨ᠂ ᠬᠠᠮᠢᠶᠠᠷᠤᠯᠲᠠ ᠶᠢᠨ ᠳᠠᠪᠬᠤᠷᠭ᠎ᠠ ᠪᠣᠯᠤᠨ ᠪᠠᠭᠰᠢ ᠠᠵᠢᠯᠲᠠᠨ ᠠᠵᠢᠯᠴᠢᠨ ᠤ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ  ᠢᠶᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠳᠡᠢ᠃      ᠭᠤᠷᠪᠡ ᠳᠤ᠂ ᠬᠢᠨᠠᠯᠲᠠ ᠲᠠᠯᠪᠢᠯᠳᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠬᠢᠨᠠᠨ ᠪᠤᠳᠤᠯᠳᠠ ᠪᠠ ᠬᠢᠨᠠᠯᠲᠠ ᠪᠠᠨ ᠴᠢᠩᠭᠠᠳᠬᠠᠵᠤ᠂ ᠳᠣᠲᠣᠭᠠᠳᠤ ᠡᠵᠡᠮᠳᠡᠯ ᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠪᠠ ᠦᠨᠡᠯᠡᠯᠲᠡ ᠬᠢᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠪᠠ ᠵᠠᠯᠠᠷᠠᠭᠤᠯᠬᠤ ᠬᠡᠷᠡᠭᠳᠡᠢ᠃       ᠲᠦᠷᠪᠡ ᠳᠤ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠬᠤ ᠬᠡᠷᠡᠭᠳᠡᠢ᠃ ᠪᠦᠳᠦᠮᠵᠢᠳᠡᠢ ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠳᠠᠮᠵᠢᠭᠤᠯᠬᠤ ᠶᠢᠨ ᠴᠠᠭ ᠲᠤᠬᠠᠶᠢᠲᠤ ᠴᠢᠨᠠᠷ ᠪᠣᠯᠤᠨ ᠣᠨᠣᠪᠴᠢᠲᠤ ᠴᠢᠨᠠᠷ ᠢ ᠦᠨᠡᠨᠬᠦ ᠪᠠᠲᠤᠯᠠᠬᠤ ᠬᠡᠷᠡᠭᠳᠡᠢ᠃       ᠲᠠᠪᠤ ᠳᠤ᠂ ᠪᠠᠭᠰᠢ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠳᠡᠢ᠃ ᠪᠠᠭᠰᠢ ᠠᠵᠢᠯᠳᠡᠠ ᠠᠵᠢᠯᠴᠢᠨ ᠤ ᠪᠣᠯᠪᠠᠰᠤᠷᠠᠯ ᠪᠠ ᠬᠠᠮᠢᠶᠠᠷᠤᠯᠲᠠ ᠪᠠᠨ ᠴᠢᠩᠭᠠᠳᠬᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠪᠠ ᠶᠣᠰᠣ ᠮᠣᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠳᠡᠢ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ