ᠤᠷᠠᠳ ᠤᠨ ᠳᠤᠮᠳᠠᠳᠤ ᠬᠤᠰᠢᠭᠤᠨ ᠤ ᠬᠤᠶᠠᠷ ᠰᠢᠨ᠎ᠡ ᠡᠨᠧᠷᠭᠢ ᠶᠢᠨ ᠲᠦᠷᠦᠯ ᠵᠦᠢᠯ ᠠᠵᠢᠯ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2024/4/11
      3 ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠡᠨᠧᠷᠭᠢ ᠶᠢᠨ ᠤᠷᠠᠳ ᠤᠨ ᠳᠤᠮᠳᠠᠳᠤ ᠬᠤᠰᠢᠭᠤᠨ ᠤ 150 ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ  ᠵᠦᠢᠯ᠂ ᠤᠷᠠᠳ ᠤᠨ ᠳᠤᠮᠳᠠᠳᠤ ᠬᠤᠰᠢᠭᠤᠨ ᠤ ᠭᠠᠭᠴᠠᠮᠤᠳᠤ ᠬᠢᠯᠢ ᠶᠢᠨ ᠪᠣᠭᠤᠮᠲᠠ ᠶᠢᠨ 50 ᠲᠦᠮᠡᠨ ᠺᠢᠯᠣᠸᠠᠲ  ᠤᠨ ᠠᠮᠢᠳᠤᠯᠢᠭ ᠴᠢᠨᠠᠷᠲᠠᠶ ᠪᠣᠬᠢᠷᠲᠤᠯ ᠥᠬᠡᠶ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ ᠲᠥᠷᠥᠯ  ᠵᠦᠢᠯ ᠭᠠᠭᠴᠠᠮᠤᠳᠤ ᠪᠠᠯᠭᠠᠰᠤᠨ ᠳᠤ ᠠᠵᠢᠯ ᠢᠶᠠᠨ ᠡᠬᠢᠯᠡᠬᠦᠯᠪᠡ᠃       ᠥᠪᠥᠷ ᠮᠣᠩᠭᠤᠯ ᠤᠨ ᠡᠨᠧᠷᠭᠢ ᠶᠢᠨ ᠤᠷᠠᠳ ᠤᠨ ᠳᠤᠮᠳᠠᠳᠤ ᠬᠤᠰᠢᠭᠤᠨ ᠤ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ  ᠵᠦᠢᠯ ᠪᠣᠯ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠭᠰᠠᠨ ᠬᠠᠮᠤᠭ ᠤᠨ ᠶᠡᠭᠡ ᠲᠠᠩ ᠴᠣᠭᠴᠠᠲᠤ ᠰᠢᠨ᠎ᠡ ᠡᠨᠧᠷᠭᠢ ᠶᠢᠨ ᠲᠥᠷᠥᠯ  ᠵᠦᠢᠯ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 47.5 ᠳ᠋ᠦᠩᠰᠢᠭᠤᠷ ᠲᠥᠭᠦᠷᠢᠭ ᠪᠠᠶᠢᠵᠦ ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠤ ᠲᠠᠯᠠᠪᠠᠶ ᠶᠢᠨ ᠲᠥᠯᠥᠪᠵᠢᠭᠦᠯᠭᠡ ᠶᠢᠨ ᠪᠠᠭᠲᠠᠭᠠᠮᠵᠢ ᠨᠢ 1500 ᠰᠠᠶ᠎ᠠ ᠸᠠᠲ ᠪᠠᠶᠢᠵᠤ᠂ 150 ᠰᠠᠭᠤᠷᠢ ᠲᠠᠩ ᠮᠠᠰᠢᠨ ᠤ ᠪᠠᠭᠲᠠᠭᠠᠮᠵᠢ ᠨᠢ 10 ᠰᠠᠶ᠎ᠠ ᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠬᠡᠷᠡᠭᠯᠡᠬᠦ ᠪᠠᠷ ᠲᠥᠯᠥᠪᠯᠡᠨ᠂ ᠵᠢᠯ ᠤᠨ ᠲᠣᠤᠷ ᠲᠤ ᠭᠠᠷᠬᠤ ᠴᠠᠬᠢᠯᠭᠠᠨ ᠤ ᠬᠡᠮᠵᠢᠶ᠎ᠡ ᠨᠢ ᠴᠠᠭ ᠤᠨ 5440174 ᠰᠠᠶ᠎ᠠ ᠸᠠᠲ ᠪᠣᠯᠤᠨ᠎ᠠ᠃       ᠤᠷᠠᠳ ᠤᠨ ᠳᠤᠮᠳᠠᠳᠤ ᠬᠤᠰᠢᠭᠤᠨ ᠤ ᠭᠠᠭᠴᠠᠮᠤᠳᠤ ᠬᠢᠯᠢ ᠶᠢᠨ ᠪᠣᠭᠤᠮᠲᠠ ᠶᠢᠨ 50 ᠲᠦᠮᠡᠨ ᠺᠢᠯᠣᠸᠠᠲ ᠤᠨ ᠠᠮᠢᠳᠤᠯᠢᠭ ᠴᠢᠨᠠᠷᠲᠠᠶ ᠪᠣᠬᠢᠷᠲᠤᠯ ᠥᠬᠡᠶ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 17.7 ᠳ᠋ᠦᠩᠰᠢᠭᠤᠷ ᠲᠥᠭᠦᠷᠢᠭ ᠲᠤ ᠬᠦᠷᠴᠦ᠂ ᠪᠥᠲᠥᠭᠡᠨ ᠪᠠᠶᠢᠭᠤᠯᠤᠯᠳᠠ ᠶᠢᠨ ᠪᠠᠭᠲᠠᠭᠠᠮᠵᠢ ᠨᠢ 500 ᠰᠠᠶ᠎ᠠ ᠸᠠᠲ ᠲᠤ ᠬᠦᠷᠴᠦ᠂ 50 ᠰᠠᠭᠤᠷᠢ ᠲᠠᠩ ᠮᠠᠰᠢᠨ ᠤ ᠪᠠᠭᠲᠠᠭᠠᠮᠵᠢ ᠨᠢ 10 ᠰᠠᠶ᠎ᠠ ᠸᠠᠲ ᠪᠣᠯᠬᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠬᠡᠷᠡᠭᠯᠡᠵᠦ᠂ ᠵᠢᠯ ᠤᠨ ᠲᠣᠤᠷ ᠲᠤ ᠣᠷᠣᠭᠤᠯᠬᠤ ᠴᠠᠬᠢᠯᠭᠠᠨ ᠤ ᠬᠡᠮᠵᠢᠶ᠎ᠡ ᠨᠢ ᠴᠠᠭ  ᠤᠨ 1808630 ᠰᠠᠶ᠎ᠠ ᠸᠠᠲ ᠪᠣᠯᠤᠨ᠎ᠠ᠃ ᠬᠤᠶᠠᠷ ᠲᠥᠷᠥᠯ  ᠵᠦᠢᠯ ᠨᠢ ᠴᠥᠮ ᠭᠠᠭᠴᠠᠮᠤᠳᠤ ᠪᠠᠯᠭᠠᠰᠤ ᠶᠢᠨ ᠵᠡᠭᠦᠨ ᠡᠮᠦᠨ᠎ᠡ ᠪᠠᠶᠢᠷᠢᠯᠠᠨ᠂ ᠨᠡᠶᠢᠲᠡ ᠪᠠᠷᠤᠭ 65 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠦᠬᠦᠨ ᠢ 2024 ᠣᠨ ᠤ ᠡᠴᠦᠰ ᠲᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠨ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 52 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠳᠤ ᠪᠠᠷᠤᠭ 242 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠬᠤ ᠪᠠᠷ ᠵᠢᠱᠢᠵᠦ ᠪᠣᠶ᠃       ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠳᠤᠮᠳᠠᠳᠤ ᠬᠤᠰᠢᠭᠤ ︽ᠬᠤᠤᠰ ᠨᠡᠭᠦᠷᠡᠰᠦᠲᠥ᠋ᠷᠥᠭᠴᠢ︾ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠥᠪᠯᠡᠷᠡᠩᠭᠦᠶ ᠬᠡᠯᠪᠡᠷᠢ ᠪᠠ ᠲᠠᠷᠬᠠᠯᠲᠠ ᠶᠢᠨ ᠬᠡᠯᠪᠡᠷᠢ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠬᠡᠷᠡᠯ  ᠤᠨ ᠡᠨᠧᠷᠬᠢ ᠪᠠᠷ ᠴᠠᠬᠢᠯᠭᠠᠨ ᠭᠠᠷᠭᠠᠬᠤ ᠠᠵᠤ  ᠦᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ  ᠦᠢᠯᠡᠰ ᠤᠨ ᠬᠡᠯᠬᠢᠶᠠᠵᠢᠯ ᠢ ᠲᠠᠰᠤᠷᠠᠯᠲᠠ ᠥᠬᠡᠶ ᠤᠷᠲᠤᠳᠬᠠᠨ ᠪᠤᠵᠠᠭᠠᠶᠢᠷᠠᠭᠤᠯᠵᠤ᠂ ᠰᠢᠨ᠎ᠡ ᠡᠨᠧᠷᠭᠢ ᠶᠢᠨ ᠪᠥᠬᠦ ᠠᠵᠤ  ᠦᠢᠯᠡᠰ ᠤᠨ ᠬᠡᠯᠬᠢᠶᠡᠵᠢᠯ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠦ ᠪᠠᠶᠢᠨ᠎ᠠ᠃ ᠬᠤᠶᠠᠷ ᠲᠥᠷᠥᠯ  ᠵᠦᠢᠯ ᠪᠠᠶᠢᠭᠤᠯᠤᠭᠳᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠤᠷᠠᠳ ᠤᠨ ᠳᠤᠮᠳᠠᠳᠤ ᠬᠤᠰᠢᠭᠤᠨ ᠤ ᠲᠣᠤᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠬᠡᠪᠴᠢᠶ᠎ᠡ 583 ᠲᠦᠮᠡᠨ ᠺᠢᠯᠣᠸᠠᠲ ᠲᠤ ᠬᠦᠷᠴᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠢᠩᠭᠠᠨ ᠳ᠋ᠦᠩᠰᠢᠭᠤᠷ ᠤᠨ ᠲᠠᠰ ᠤᠨ ᠰᠢᠨ᠎ᠡ ᠡᠨᠧᠷᠭᠢ ᠶᠢᠨ ᠠᠵᠤ  ᠦᠢᠯᠡᠰ ᠤᠨ ᠪᠦᠯᠦᠭᠵᠢᠯ ᠢ ᠴᠣᠭᠴᠠᠯᠠᠬᠤ ᠳᠤ ᠬᠦᠴᠦᠲᠡᠶ ᠬᠥᠳᠡᠯᠭᠡᠬᠦ ᠡᠨᠧᠷᠭᠢ ᠨᠡᠮᠡᠷᠢᠯᠡᠬᠦ ᠪᠣᠯᠤᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ