ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠦᠵᠡᠭᠦᠯᠦᠨ ᠵᠢᠭᠠᠬᠤ ᠲᠥᠪ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠦᠵᠡᠭᠦᠯᠦᠨ ᠵᠢᠭᠠᠬᠤ ᠲᠥᠪ ᠠᠰᠢᠭᠯᠠᠯᠲᠠ ᠳᠤ ᠣᠷᠣᠪᠠ᠃ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠦᠵᠡᠭᠦᠯᠦᠨ ᠵᠢᠭᠠᠬᠤ ᠲᠥᠪ 155 ᠲᠡᠭᠰᠢ ᠳᠥᠷᠪᠡᠯᠵᠢᠨ  ᠮᠧᠲᠷ ᠭᠠᠵᠠᠷ ᠡᠵᠡᠯᠡᠵᠦ᠂ 30 ᠭᠠᠷᠤᠶ ᠬᠥᠮᠦᠨ ᠬᠠᠮᠲᠤ ᠳᠤᠨᠢ ᠪᠣᠯᠪᠠᠰᠤᠷᠠᠯ ᠳᠤ ᠤᠷᠤᠯᠴᠠᠵᠦ ᠪᠣᠯᠤᠨ᠎ᠠ᠃ ᠲᠤᠰ ᠲᠥᠪ ᠲᠤ ᠰᠢᠯᠵᠢᠮᠡᠯ ᠰᠡᠯᠭᠦᠭᠡ ᠬᠡᠯᠪᠡᠷᠢ ᠶᠢᠨ ᠵᠢᠷᠦᠬᠡ ᠠᠭᠤᠰᠬᠢ  ᠶᠢᠨ ᠰᠡᠷᠭᠦᠭᠡᠯᠲᠡ ᠶᠢᠨ ᠳᠠᠭᠤᠷᠢᠶᠠᠮᠠᠯ ᠰᠢᠯᠭᠠᠨ ᠬᠢᠨᠠᠬᠤ ᠡᠭᠦᠯᠡᠨ ᠲᠠᠪᠴᠠᠩ᠂ ᠮᠡᠰᠡ ᠵᠠᠰᠠᠯ ᠠᠴᠠ ᠡᠮᠦᠨ᠎ᠡ ᠪᠠᠺᠲ᠋ᠧᠷᠢ ᠥᠬᠡᠶ ᠠᠵᠢᠯᠯᠠᠭᠤᠯᠬᠤ ᠪᠣᠯᠪᠠᠰᠤᠷᠠᠯ ᠤᠨ ᠵᠠᠭᠪᠤᠷ᠂ ᠪᠦᠰᠡᠯᠡᠭᠦᠷ ᠨᠢᠷᠤᠭᠤ ᠶᠢ ᠰᠢᠪᠡᠬᠦ ᠵᠠᠰᠠᠯ ᠤᠨ ᠳᠠᠭᠤᠷᠢᠶᠠᠮᠠᠯ ᠬᠥᠮᠦᠨ᠂ ᠨᠢᠳᠦᠨ ᠤ ᠲᠣᠣᠷᠯᠢᠭ ᠪᠦᠷᠬᠦᠪᠴᠢ ᠶᠢᠨ ᠡᠪᠡᠳᠴᠢᠨ ᠤ ᠬᠤᠪᠢᠷᠠᠯᠲᠠ ᠶᠢ ᠪᠠᠶᠢᠴᠠᠭᠠᠬᠤ ᠳᠡᠭᠡᠳᠦ ᠲᠠᠰ ᠤᠨ ᠵᠠᠭᠪᠤᠷ ᠵᠡᠷᠭᠡ 81  ᠵᠦᠢᠯ ᠤᠨ ᠠᠭᠤᠯᠭ᠎ᠠ ᠲᠠᠢ ᠪᠠᠶᠢᠵᠤ᠂ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 128 ᠲᠦᠮᠡᠨ ᠲᠥᠭᠦᠷᠢᠭ ᠪᠣᠯᠤᠨ᠎ᠠ᠃ ᠲᠣᠰ ᠦᠵᠡᠭᠦᠯᠦᠨ ᠵᠢᠭᠠᠬᠤ ᠲᠥᠪ ᠨᠢ ᠣᠨᠣᠯ ᠤᠨ ᠬᠢᠴᠢᠶᠡᠯ ᠣᠷᠣᠬᠤ᠂ ᠦᠵᠡᠭᠦᠯᠦᠨ ᠵᠢᠭᠠᠬᠤ᠂ ᠠᠵᠢᠯᠯᠠᠬᠤ᠂ ᠰᠢᠯᠭᠠᠨ ᠬᠢᠨᠠᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠶᠢ ᠵᠢᠷᠤᠮᠵᠢᠭᠤᠯᠤᠨ ᠪᠣᠯᠪᠠᠰᠤᠷᠠᠭᠤᠯᠬᠤ ᠪᠠ ᠮᠡᠷᠭᠡᠵᠢᠯ ᠴᠢᠳᠠᠪᠤᠷᠢ ᠶᠢ ᠰᠢᠯᠭᠠᠨ ᠬᠢᠨᠠᠬᠤ ᠳᠤ ᠬᠠᠲᠠᠭᠤ ᠬᠡᠷᠡᠭᠰᠡᠯ ᠤᠨ ᠳᠡᠮᠵᠢᠯᠭᠡ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠠᠨᠠᠭᠠᠬᠤ ᠤᠬᠠᠭᠠᠨ ᠤ ᠮᠡᠷᠭᠡᠵᠢᠯ ᠴᠢᠳᠠᠪᠤᠷᠢ ᠶᠢ  ᠦᠢᠯᠡᠳᠦᠯᠭᠡᠵᠢᠭᠦᠯᠦᠨ ᠪᠣᠯᠪᠠᠰᠤᠷᠠᠭᠤᠯᠬᠤ ᠰᠠᠶᠢᠨ ᠰᠠᠶᠢᠬᠠᠨ ᠲᠠᠪᠴᠠᠩ ᠢ ᠪᠠᠶᠢᠭᠤᠯᠤᠭᠰᠠᠨ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ