ᠤᠷᠠᠳ ᠤᠨ ᠳᠤᠮᠳᠠᠳᠤ ᠬᠤᠰᠢᠭᠤᠨ ᠤ ᠬᠢᠯᠢ ᠳᠣᠲᠣᠷᠠᠬᠢ ᠲᠡᠮᠦᠷ ᠵᠠᠮ ᠱᠤᠭᠤᠮ ᠤᠨ ᠨᠢᠭᠡᠳᠦᠭᠡᠷ ᠤᠯᠠᠷᠢᠯ ᠤᠨ ᠪᠠᠷᠠᠭ᠎ᠠ ᠲᠡᠭᠡᠭᠡᠪᠤᠷᠢᠯᠡᠭᠰᠡᠨ ᠬᠡᠮᠵᠢᠶ᠎ᠡ 442.8 ᠲᠦᠮᠡᠨ ᠲᠣᠨ ᠳᠤ ᠬᠦᠷᠪᠡ
ᠨᠡᠶᠢᠲᠡᠯᠡᠭᠰᠡᠨ ᠴᠠᠭ᠄
2024/4/11
      ᠭᠠᠭᠴᠠᠮᠣᠳᠣ ᠬᠢᠯᠢ ᠶᠢᠨ ᠪᠣᠭᠤᠮᠲᠠ ᠶᠢᠨ ᠪᠠᠷᠠᠭ᠎ᠠ ᠦᠩᠬᠡᠷᠡᠬᠦᠯᠬᠦ ᠴᠢᠳᠠᠮᠵᠢ ᠮᠡᠳᠡᠭᠳᠡᠮ᠎ᠡ ᠳᠡᠭᠡᠭᠰᠢᠯᠡᠵᠦ᠂ ᠨᠡᠭᠦᠷᠡᠰᠦ ᠲᠡᠭᠡᠭᠡᠪᠦᠷᠢᠯᠡᠭᠰᠡᠨ ᠬᠡᠮᠵᠢᠶ᠎ᠡ ᠦᠷᠭᠦᠯᠵᠢᠯᠡᠨ ᠨᠡᠮᠡᠭᠳᠡᠪᠡ᠃       ᠨᠢᠭᠡ ᠳᠤ᠂ ᠠᠦ᠋ᠲ᠋ᠤᠴᠢᠯᠠᠭᠰᠠᠨ ᠮᠠᠰᠢᠨ ᠲᠡᠷᠭᠡᠨ ᠤ ᠰᠢᠰᠲ᠋ᠧᠮ ᠢ ᠥᠭᠡᠷᠡᠴᠢᠯᠡᠵᠦ᠂ ᠲᠡᠷᠭᠡᠨ ᠤ ᠡᠷᠭᠢᠯᠲᠡ ᠶᠢ ᠲᠦᠷᠭᠡᠳᠬᠡᠨ᠂ ᠳᠤᠮᠳᠠ ᠨᠢ ᠵᠣᠭᠰᠣᠬᠤ ᠶᠢ ᠪᠠᠭᠠᠰᠬᠠᠭᠰᠠᠨ ᠠᠴᠠ ᠠᠴᠢᠬᠤ ᠪᠠᠭᠤᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠤᠶᠠᠷ ᠲᠤ᠂ ᠬᠢᠨᠠᠯᠲᠠ ᠬᠠᠮᠢᠶᠠᠷᠤᠯᠲᠠ ᠶᠢᠨ ᠣᠷᠣᠨ᠂ ᠨᠡᠭᠦᠷᠡᠰᠦ ᠤᠬᠢᠶᠠᠬᠤ  ᠦᠢᠯᠡᠳᠪᠦᠷᠢ ᠶᠢᠨ ᠵᠣᠬᠢᠴᠠᠭᠤᠯᠭ᠎ᠠ ᠨᠡᠪᠲᠡᠷᠡᠯᠴᠡᠭᠡ ᠶᠢ ᠴᠢᠩᠭᠠᠳᠬᠠᠵᠤ᠂ ᠲᠡᠮᠦᠷ ᠵᠠᠮ ᠤᠨ ᠥᠷᠲᠡᠭᠡᠨ ᠳᠤ ᠭᠠᠷᠬᠤ ᠮᠠᠰᠢᠨ ᠲᠡᠷᠭᠡᠨ ᠤ ᠬᠢᠨᠠᠯᠲᠠ ᠬᠠᠮᠢᠶᠠᠷᠤᠯᠲᠠ ᠶᠢᠨ ᠣᠷᠣᠨ᠂ ᠨᠡᠭᠦᠷᠡᠰᠦ ᠤᠬᠢᠶᠠᠬᠤ  ᠦᠢᠯᠡᠳᠪᠦᠷᠢ ᠳᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠵᠦ᠂ ᠥᠷᠲᠡᠭᠡ ᠳᠤ ᠭᠠᠷᠬᠤ ᠵᠣᠬᠢᠶᠠᠨ ᠪᠠᠶᠢᠭᠤᠯᠤᠯᠲᠠ ᠶᠢᠨ ᠦᠷ᠎ᠡ  ᠪᠦᠲᠦᠮᠵᠢ ᠶᠢ ᠳᠡᠭᠡᠭᠰᠢᠯᠡᠭᠦᠯᠵᠦ᠂ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠤᠷᠤᠭᠰᠢᠲᠠᠶ ᠪᠠᠶᠢᠬᠤ ᠶᠢ ᠪᠠᠲᠤᠯᠠᠪᠠ᠃       ᠨᠢᠭᠡᠳᠦᠭᠡᠷ ᠤᠯᠠᠷᠢᠯ ᠳᠤ ᠬᠢᠯᠢ ᠳᠣᠲᠣᠷᠠᠬᠢ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ ᠨᠡᠶᠢᠲᠡ 442.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ ᠪᠠᠷᠠᠭ᠎ᠠ ᠶᠠᠪᠤᠭᠤᠯᠤᠭᠰᠠᠨ ᠬᠡᠮᠵᠢᠶ᠎ᠡ 298.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ 17.56 ᠲᠦᠮᠡᠨ ᠲᠣᠨ ᠳᠤ ᠬᠦᠷᠴᠦ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠵᠡᠰ ᠤᠨ ᠨᠠᠷᠢᠯᠢᠭ ᠬᠦᠳᠡᠷ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶᠡᠨ ᠤ 80.5% ᠶᠢ ᠡᠵᠡᠯᠡᠪᠡ᠃ ᠭᠠᠳᠠᠭᠠᠳᠤ ᠠᠴᠠ ᠣᠷᠣᠭᠤᠯᠤᠭᠰᠠᠨ ᠨᠡᠬᠦᠷᠡᠰᠦᠨ ᠤ ᠬᠡᠮᠵᠢᠶ᠎ᠡ 280.94 ᠲᠦᠮᠡᠨ ᠲᠣᠨ ᠬᠦᠷᠴᠦ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠠᠴᠠ ᠣᠷᠣᠭᠤᠯᠤᠭᠰᠠᠨ ᠬᠡᠮᠵᠢᠶᠡᠨ ᠤ 29.5% ᠶᠢ ᠡᠵᠡᠯᠡᠪᠠ᠃ ᠭᠠᠭᠴᠠᠮᠤᠳᠤ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠤᠨ ᠲᠡᠭᠡᠭᠡᠪᠦᠷᠢ ᠶᠢᠨ ᠬᠡᠮᠵᠢᠶ᠎ᠡ 138.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4 % ᠪᠠᠷ ᠨᠡᠮᠡᠭᠳᠡᠪᠡ᠃ ᠰᠢ ᠰᠢᠶᠣᠣ ᠵᠣᠣ ᠠᠴᠠ ᠶᠢᠨ ᠴᠢᠤᠸᠠᠨ ᠪᠤᠯᠪᠠᠰᠤᠷᠠᠭᠤᠯᠤᠯᠳᠠ ᠶᠢᠨ ᠲᠤᠭᠤᠷᠢᠭ ᠬᠦᠷᠬᠦ ᠵᠠᠮ ᠱᠤᠭᠤᠮ ᠤᠨ ᠲᠡᠭᠡᠭᠡᠪᠦᠷᠢ ᠶᠢᠨ ᠬᠡᠮᠵᠢᠶ᠎ᠡ 122 ᠲᠦᠮᠡᠨ ᠲᠣᠨ ᠬᠦᠷᠴᠦ᠂ ᠪᠤᠭᠤᠳᠤ ᠠᠴᠠ ᠱᠧᠨ ᠮᠤ᠋ ᠬᠦᠷᠬᠦ ᠵᠠᠮ ᠱᠤᠭᠤᠮ ᠤᠨ ᠲᠡᠭᠡᠭᠡᠪᠦᠷᠢ ᠶᠢᠨ ᠬᠡᠮᠵᠢᠶ᠎ᠡ 38 ᠲᠦᠮᠡᠨ ᠲᠣᠨ ᠬᠦᠷᠦᠭᠰᠡᠨ ᠪᠠᠶᠢᠨ᠎ᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ