ᠣᠷᠠᠳ ᠤᠨ ᠡᠮᠦᠨᠡᠲᠤ ᠬᠤᠰᠢᠭᠤ ᠤᠰᠤᠨ ᠴᠥᠭᠦᠷᠥᠮ ᠤᠨ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/4/11
      ᠣᠶᠢᠷ᠎ᠠ ᠳᠤ᠂ ᠰᠣᠷᠪᠣᠯᠵᠢᠯᠠᠭᠴᠢ ᠶᠢ ᠤᠷᠠᠳ ᠤᠨ ᠡᠮᠦᠨᠡᠲᠦ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠣᠰ ᠬᠤᠰᠢᠭᠤᠨ ᠤ ᠬᠤᠩ ᠱᠠᠨ ᠺᠧᠦ ᠤᠰᠤᠨ ᠴᠥᠭᠦᠷᠥᠮ ᠤᠨ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠬᠤᠩ ᠮᠢᠩ ᠲᠣᠰᠬᠤᠨ ᠤ ᠲᠥᠬᠦᠭᠡᠷᠦᠮᠵᠢ ᠶᠢᠨ ᠲᠠᠷᠢᠶᠠᠯᠠᠩ ᠤᠨ ᠲᠥᠷᠥᠯ ᠵᠦᠢᠯ ᠤᠨ ᠢᠨᠵᠧᠨᠧᠷᠢᠩ ᠢ ᠤᠳᠠᠯ ᠦᠭᠡᠢ ᠡᠬᠢᠯᠡᠭᠦᠯᠬᠦ ᠪᠠᠷ ᠪᠠᠶᠢᠨ᠎ᠠ᠃       ᠬᠤᠩ ᠱᠠᠨ ᠺᠧᠦ ᠤᠰᠤᠨ ᠴᠥᠭᠦᠷᠥᠮ ᠤᠨ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠬᠤᠩ ᠮᠢᠩ ᠲᠣᠰᠬᠤᠨ ᠤ ᠲᠥᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠤᠨ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ 631.13 ᠲᠦᠮᠡᠨ ᠲᠥᠭᠦᠷᠢᠭ ᠪᠠᠶᠢᠵᠤ᠂ ᠢᠨᠵᠧᠨᠧᠷᠢᠩ ᠤᠨ ᠪᠡᠯᠡ ᠣᠷᠣᠭᠤᠯᠤᠯᠲᠠ ᠨᠢ ᠶᠡᠭᠡ ᠰᠢᠭᠡᠲᠡᠢ ᠪᠠᠯᠭᠠᠰᠤᠨ ᠤ ᠬᠤᠩ ᠮᠢᠩ ᠲᠣᠰᠬᠤᠨ ᠳᠤ 22 ᠲᠣᠮᠣ ᠬᠦᠯᠡᠮᠵᠢ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠰᠦᠷᠴᠢᠨ ᠤᠰᠤᠯᠠᠬᠤ ᠮᠠᠰᠢᠨ᠂ ᠤᠰᠤ ᠬᠠᠳᠠᠭᠠᠯᠠᠬᠤ ᠰᠠᠪᠠ᠂ ᠳᠤᠰᠤᠯᠭᠠᠨ ᠤᠰᠤᠯᠠᠬᠤ ᠬᠤᠭᠤᠯᠠᠢ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠂ ᠶᠡᠷᠦᠩᠬᠡᠢ ᠲᠠᠯᠠᠪᠠᠢ ᠨᠢ 64.56 ᠮᠦ ᠠᠴᠠ ᠪᠦᠲᠦᠮᠵᠢᠲᠡᠢ ᠲᠠᠷᠢᠬᠤ ᠲᠠᠯᠠᠪᠠᠢ ᠶᠢ 36.14 ᠮᠦ ᠳᠤ ᠬᠦᠷᠭᠡᠭᠦ ᠪᠣᠯᠣᠨ᠎ᠠ᠃ ᠪᠠᠷᠢᠯᠭ᠎ᠠ ᠶᠢᠨ ᠠᠵᠢᠯ ᠢ 4 ᠰᠠᠷ᠎ᠠ ᠶᠢᠨ ᠡᠬᠢ ᠪᠠᠷ ᠡᠬᠢᠯᠡᠭᠦᠯᠵᠦ᠂ ᠵᠢᠱᠢᠯᠲᠡ ᠪᠠᠷ ᠵᠢᠯ ᠤᠨ ᠳᠣᠲᠣᠷ᠎ᠠ ᠪᠦᠬᠦᠨ ᠢ ᠳᠠᠭᠤᠰᠬᠠᠨ᠎ᠠ᠃ ᠲᠡᠷᠢᠭᠦᠨ ᠤ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ᠂ ᠤᠰᠤ ᠠᠷᠪᠢᠯᠠᠵᠤ ᠤᠰᠤᠯᠠᠬᠤ ᠲᠡᠷᠢᠭᠦᠨ ᠤ ᠠᠷᠭ᠎ᠠ ᠬᠡᠮᠵᠢᠶ᠎ᠡ ᠶᠢ ᠲᠥᠬᠦᠷᠵᠢᠭᠦᠯᠬᠦ ᠪᠠᠷ ᠳᠠᠮᠵᠢᠭᠤᠯᠤᠨ᠂ ᠢᠨᠵᠧᠨᠧᠷᠢᠩ ᠢ ᠬᠡᠷᠡᠭᠵᠢᠭᠦᠯᠦᠭᠰᠡᠨ ᠤ ᠲᠠᠷᠠᠭ᠎ᠠ ᠨᠡᠭᠦᠳᠡᠯ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠭᠦᠨᠵᠡᠭᠡᠢ ᠥᠷᠨᠢᠭᠦᠯᠬᠦ ᠶᠢ ᠲᠦᠯᠬᠢᠨ ᠠᠬᠢᠭᠤᠯᠤᠨ᠎ᠠ᠃       ᠣᠶᠢᠷ᠎ᠠ ᠶᠢᠨ ᠵᠢᠯ ᠠᠴᠠ᠂ ᠤᠷᠠᠳ ᠤᠨ ᠡᠮᠦᠨᠡᠲᠦ ᠬᠤᠰᠢᠭᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠰᠤᠨ ᠴᠥᠭᠦᠷᠥᠮ ᠤᠨ ᠨᠡᠭᠦᠳᠡᠯ ᠠᠷᠠᠳ ᠤᠨ ᠪᠠᠴᠢᠮ ᠬᠦᠴᠢᠷ ᠵᠣᠪᠠᠭᠤᠷᠢ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠣᠶᠠᠯᠳᠣᠭᠤᠯᠣᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠡᠷᠭᠡ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠪᠡ᠃ 2010 ᠣᠨ ᠠᠴᠠ ᠨᠠᠰᠢ᠂ ᠳᠤᠰ ᠬᠤᠰᠢᠭᠤ 8504.32 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠲᠡᠮᠡᠴᠡᠨ ᠣᠯᠵᠤ᠂ ᠴᠥᠭᠦᠷᠥᠮ ᠤᠨ ᠣᠷᠣᠨ ᠪᠠ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 20 ᠭᠠᠷᠤᠢ ᠳᠦᠷᠦᠯ ᠵᠦᠢᠯ ᠢ ᠬᠡᠷᠡᠭᠵᠢᠭᠦᠯᠵᠦ᠂ ᠴᠥᠭᠦᠷᠥᠮ ᠤᠨ ᠣᠷᠣᠨ ᠪᠠ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠨᠡᠭᠦᠳᠡᠯ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠶᠡᠬᠡᠪᠡᠷ ᠨᠡᠮᠡᠭᠳᠡᠭᠦᠯᠦᠭᠰᠡᠨ ᠪᠠᠶᠢᠨ᠎ᠠ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ