ᠬᠠᠩᠭᠢᠨ ᠬᠤᠶᠢᠲᠤ ᠬᠤᠰᠢᠭᠤ 2024 ᠣᠨ ᠤ ᠮᠡᠬᠡᠯᠡᠯ ᠪᠠ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠶ ᠵᠠᠰᠠᠯᠲᠠ ᠵᠢᠴᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/11
      ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠳᠠᠭᠠᠳᠬᠠᠯ ᠢ ᠮᠡᠬᠡᠯᠡᠨ ᠬᠢᠬᠠᠬᠤ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ ᠬᠠᠩᠭᠢᠨ ᠬᠤᠶᠢᠲᠤ ᠬᠤᠰᠢᠭᠤᠨ ᠤ 2024 ᠣᠨ ᠤ ᠳᠠᠭᠠᠳᠬᠠᠯ ᠢ ᠮᠡᠬᠡᠯᠡᠨ ᠬᠢᠬᠠᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠵᠠᠰᠠᠯᠲᠠ ᠵᠢᠴᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ ︽ᠮᠡᠬᠡᠯᠡᠨ ᠬᠢᠬᠠᠬᠤ ᠳᠠᠭᠠᠳᠬᠠᠯ ᠳᠤ ᠴᠣᠬᠢᠯᠲᠠ ᠥᠭᠬᠦ ᠲᠤᠰᠬᠠᠶ ᠵᠠᠰᠠᠯᠲᠠ ᠵᠢᠴᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠤᠩᠰᠢᠨ ᠨᠡᠶᠢᠲᠡᠯᠡᠵᠦ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠯᠢ ᠯᠦᠩ ᠵᠢᠭᠠᠵᠤ ᠭᠠᠷᠭᠠᠭᠰᠠᠨ ᠨᠢ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠣᠯ ᠠᠷᠠᠳ ᠢᠷᠭᠡᠳ ᠤᠨ ︽ᠡᠷᠡᠭᠦᠯ ᠮᠡᠨᠳᠦ ᠶᠢᠨ ᠵᠣᠭᠤᠰ︾ ᠮᠥᠨ᠂ ᠳᠠᠭᠠᠳᠬᠠᠯ ᠢ ᠮᠡᠬᠡᠯᠡᠨ ᠬᠢᠬᠠᠬᠤ  ᠦᠢᠯᠡ ᠠᠵᠢᠯᠯᠠᠭ᠎ᠠ ᠨᠢ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠵᠤ ᠪᠠᠶᠢᠭ᠎ᠠ ᠪᠣᠯᠬᠤᠷ ᠣᠭᠲᠣ ᠠᠭᠤᠴᠢᠯᠠᠬᠤ ᠥᠬᠡᠶ᠂ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠪᠥᠬᠦ ᠬᠦᠷᠢᠶ᠎ᠡ ᠴᠠᠷᠠᠭ᠎ᠠ᠂ ᠪᠥᠬᠦ ᠴᠤᠪᠤᠷᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠯᠴᠠᠵᠤ᠂ ᠬᠤᠯᠪᠣᠭᠠᠯᠠᠨ ᠬᠥᠳᠡᠯᠦᠯᠴᠡᠵᠦ ᠬᠤᠯᠪᠣᠭᠠᠯᠠᠨ ᠪᠠᠶᠢᠴᠠᠭᠠᠵᠤ ᠬᠤᠯᠪᠣᠭᠠᠯᠠᠨ ᠰᠢᠢᠳᠪᠦᠷᠢᠯᠡᠬᠦ ᠶᠢ ᠥᠷᠨᠢᠭᠦᠯᠬᠦ ᠬᠡᠷᠡᠭᠲᠡᠶ᠃ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠴᠣᠬᠢᠯᠲᠠ ᠥᠭᠴᠦ ᠰᠦᠷᠳᠡᠭᠦᠯᠬᠦ ᠬᠦᠴᠦᠨ ᠢ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠠᠮᠠᠭᠠᠯᠠᠯᠲᠠ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃       ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠲᠤᠬᠠᠶ ᠶᠢᠨ ᠲᠠᠯᠠᠪᠤᠷ ᠤᠨ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠮ ᠡᠮᠨᠡᠯᠭᠡ ᠶᠢᠨ ᠳᠠᠭᠠᠳᠬᠠᠯ ᠪᠠ ᠮᠡᠬᠡᠯᠡᠨ ᠬᠢᠬᠠᠬᠤ ᠳᠠᠭᠠᠳᠬᠠᠯ ᠳᠤ ᠴᠣᠬᠢᠯᠲᠠ ᠥᠭᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠪᠠᠰᠠ ᠠᠯᠪᠠᠨ ᠵᠢᠷᠤᠮ ᠤᠨ ᠡᠮᠴᠢᠯᠡᠭᠡᠨ ᠤ ᠯᠠᠪᠯᠠᠯᠲᠠ ᠶᠢᠨ ᠲᠠᠪᠴᠠᠩ ᠭᠠᠷᠭᠠᠵᠤ᠂ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠯᠠᠪᠯᠠᠭ᠎ᠠ ᠪᠠ ᠡᠮᠴᠢᠯᠡᠭᠡᠨ ᠤ ᠪᠠᠶᠢᠴᠠᠭᠠᠯᠲᠠ ᠶᠢᠨ  ᠦᠢᠯᠡᠴᠢᠯᠡᠭᠡ ᠬᠠᠩᠭᠠᠨ᠎ᠠ᠃       ᠣᠶᠢᠯᠠᠭᠠᠭᠰᠠᠨ ᠢᠶᠠᠷ᠂ ᠬᠠᠩᠭᠢᠨ ᠬᠤᠶᠢᠲᠤ ᠬᠤᠰᠢᠭᠤᠨ ᠤ ᠬᠢᠨ ᠨᠢᠭᠡ ᠰᠠᠷ᠎ᠠ ᠶᠢᠨ ᠴᠠᠭ ᠢ ᠠᠰᠢᠭᠯᠠᠵᠤ ᠪᠠᠶᠢᠭᠠᠳ ᠪᠦᠭᠦ ᠬᠤᠰᠢᠭᠤᠨ ᠤ ᠬᠡᠪᠴᠢᠶᠡᠨ ᠳᠤ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠶ ᠵᠠᠰᠠᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠪᠠᠶᠢᠨ᠎ᠠ᠃ ᠣᠶᠤᠨᠴᠢ ᠪᠠᠷ ᠬᠢᠨᠠᠨ ᠬᠠᠮᠢᠶᠠᠷᠬᠤ᠂ ᠭᠡᠨᠡᠳᠡᠭᠦᠯᠦᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠬᠦ ᠪᠠᠷ ᠳᠠᠮᠵᠢᠭᠤᠯᠤᠨ᠂ ᠬᠤᠳᠠᠯ ᠬᠠᠭᠤᠷᠮᠠᠭ ᠢᠶᠠᠷ ᠡᠮᠨᠡᠯᠭᠡ ᠳᠤ ᠰᠠᠭᠤᠭᠰᠠᠨ᠂ ᠬᠤᠳᠠᠯ ᠬᠠᠭᠤᠷᠮᠠᠭ ᠫᠢᠶᠣᠣ ᠪᠠᠷᠢᠮᠲᠠ ᠬᠠᠭᠤᠷᠮᠠᠭᠯᠠᠨ ᠵᠣᠬᠢᠶᠠᠭᠰᠠᠨ᠂ ᠴᠢᠬ ᠲᠣᠭᠲᠠᠭᠠᠭᠰᠠᠨ ᠪᠤᠰᠤ ᠪᠠᠶᠢᠭᠤᠯᠤᠮᠵᠢ ᠳᠤ ᠺᠠᠷᠲ ᠵᠤᠷᠠᠵᠤ ᠲᠠᠩᠰᠠ ᠲᠡᠮᠳᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ 
ᠢᠷᠡᠯᠲᠡ᠄ ᠬᠠᠩᠭᠢᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ