︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠪᠠᠶᠠᠨᠨᠠᠭᠤᠷ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠡᠭᠦᠷᠭᠡᠯᠡᠨ᠎ᠡ
ᠨᠡᠶᠢᠲᠡᠯᠡᠭᠰᠡᠨ ᠴᠠᠭ᠄
2024/4/11
      ᠬᠠᠲᠤᠨ ᠭᠤᠣᠯ ᠤᠨ ︽ᠲᠤᠬᠤᠢ︾ ᠶᠢᠨ ᠭᠡᠰᠡᠭ ᠲᠤ ᠪᠠᠶᠢᠷᠢᠯᠠᠵᠤ ᠪᠠᠶᠢᠭ᠎ᠠ ᠪᠠᠶᠠᠨᠨᠠᠭᠤᠷ ᠪᠣᠯ ᠤᠯᠤᠰ ᠤᠨ ︽ᠬᠤᠶᠠᠷ ᠬᠠᠯᠬᠠᠪᠴᠢ ᠭᠤᠷᠪᠠᠨ ᠪᠦᠰᠡ︾  ᠶᠢᠨ ᠤᠮᠠᠷᠠᠲᠤ ᠣᠷᠣᠨ ᠤ ᠡᠯᠡᠰᠦ ᠶᠢ ᠰᠡᠷᠭᠡᠶᠢᠯᠡᠭᠦ ᠴᠢᠬᠤᠯᠠ ᠪᠣᠭᠤᠮᠲᠠ ᠮᠦᠷᠳᠡᠭᠡᠨ ᠬᠠᠲᠤᠨ ᠭᠤᠣᠯ ᠤᠨ ︽ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠭᠤᠣᠯ ᠳᠠᠶᠢᠯᠠᠯᠳᠤᠭᠠᠨ ᠤ ᠲᠠᠯᠠᠪᠤᠷ ᠪᠣᠯᠣᠨ᠎ᠠ᠃ ᠪᠠᠶᠠᠨᠨᠠᠭᠤᠷ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠶᠠᠨᠨᠠᠭᠤᠷ ᠤᠨ ᠬᠦᠴᠦᠨ ᠴᠢᠳᠠᠯ ᠢ ᠨᠡᠮᠡᠷᠢᠯᠡᠨ᠎ᠡ᠃       ᠨᠢᠳᠤᠨᠤᠨ ᠤ 6 ᠰᠠᠷ᠎ᠠ ᠳᠤ᠂ ᠰᠢ ᠶᠢᠨ ᠫᠢᠩ ᠶᠡᠷᠦᠩᠬᠡᠢ ᠱᠦᠵᠢ ᠯᠢᠨ ᠾᠧ ᠲᠣᠭᠤᠷᠢᠭ ᠤᠨ ᠤᠯᠤᠰ ᠤᠨ ᠡᠵᠡᠩᠨᠡᠯᠳᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠢᠷᠡᠵᠦ ᠰᠢᠨᠵᠢᠯᠡᠨ ᠪᠠᠶᠢᠴᠠᠭᠠᠬᠤ ᠳᠠᠭᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠰᠠᠨᠠᠭᠤᠯᠵᠠᠢ᠃ ᠬᠦᠰᠡᠯ ᠨᠠᠶᠢᠳᠠᠯᠭ᠎ᠠ  ᠶᠢ ᠪᠠᠲᠤ ᠴᠡᠭᠡᠵᠢᠯᠡᠵᠦ᠂ ᠰᠢᠨᠬᠤᠸᠠ ᠣᠶ ᠰᠢᠭᠤᠢ  ᠶᠢᠨ ᠲᠠᠯᠠᠪᠠᠶ ᠨᠢ ︽ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾ ᠶᠢ ᠤᠯᠠᠮᠵᠢᠯᠠᠨ ᠵᠠᠯᠭᠠᠮᠵᠢᠯᠠᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠲᠦᠷᠦᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠲᠥᠪᠯᠡᠷᠡᠭᠦᠯᠦᠨ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡᠬᠦ ᠪᠤᠭᠢᠷᠳᠤᠯ ᠦᠭᠡᠢ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤ ᠪᠠᠬᠢ ᠪᠤᠯᠭᠠᠵᠤ ᠪᠠᠶᠢᠨ᠎ᠠ᠃      1978 ᠣᠨ ᠳᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠶᠢ ᠳᠠᠭᠠᠯᠳᠤᠨ᠂ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠨᠡᠶᠢᠳᠡ 3.9 ᠲᠦᠮᠡᠨ ᠮᠦ ᠤᠶᠢᠵᠢᠭᠤᠯᠤᠨ᠂ 430 ᠲᠦᠮᠡᠨ ᠰᠠᠭᠤᠷᠢ ᠮᠣᠳᠣ ᠳᠠᠷᠢᠵᠤ᠂ ᠡᠯᠡᠰᠦᠷᠬᠡᠭ ᠭᠠᠵᠠᠷ ᠤᠨ ᠲᠠᠯᠠᠪᠠᠶ ᠪᠠᠭᠠᠰᠤᠭᠠᠳ 0.5 ᠲᠦᠮᠡᠨ ᠮᠦ ᠪᠣᠯᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠣᠲᠣ ᠶᠢᠨ 65% ᠳᠤ ᠬᠥᠷᠪᠡ᠃ 2023 ᠣᠨ ᠳᠤ᠂ ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯᠡᠰᠦ ᠤᠢ ᠰᠢᠭᠤᠢ ᠶᠢᠨ ᠲᠥᠪ ᠤᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠤᠯᠤᠰ ᠤᠨ ᠡᠵᠡᠩᠨᠡᠯᠳᠡ ᠶᠢᠨ ᠰᠢᠨᠬᠤᠸᠠ ᠤᠢ ᠰᠢᠭᠤᠢ ᠶᠢᠨ ᠲᠠᠯᠠᠪᠠᠢ ᠳᠤ ᠪᠠᠶᠢᠭᠤᠯᠤᠭᠳᠠᠪᠠ᠃ ᠤᠯᠤᠰ ᠤᠨ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ ᠲᠥᠷᠥᠯ ᠵᠦᠢᠯ ᠳᠤ ᠲᠦᠰᠢᠭᠯᠡᠨ᠂ ᠣᠶ ᠰᠢᠭᠤᠢ ᠶᠢᠨ ᠲᠠᠯᠠᠪᠠᠶ ᠨᠢ ᠨᠥᠬᠦᠵᠦ ᠳᠠᠷᠢᠬᠤ ᠲᠠᠯᠠᠪᠠᠶ ᠶᠢ ᠲᠦᠮᠡ ᠰᠢᠬᠠᠮ ᠮᠦ ᠳᠤ ᠭᠦᠷᠭᠡᠭᠰᠡᠨ ᠪᠠᠶᠢᠨ᠎ᠠ᠃ ᠤᠷᠢᠬᠠᠨ ᠬᠠᠪᠤᠷ ᠤᠨ ᠭᠤᠷᠪᠠᠨ ᠰᠠᠷ᠎ᠠ ᠪᠤᠯᠠᠬᠤ ᠳᠤ᠂ ᠤᠢ ᠰᠢᠭᠤᠢ ᠶᠢᠨ ᠲᠠᠯᠠᠪᠠᠢ ᠶᠢᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ  ᠰᠢᠰᠲ᠋ᠧᠮ ᠤᠨ ᠪᠠᠶᠢᠷᠢ ᠲᠣᠭᠲᠠᠭᠠᠯᠲᠠ ᠶᠢ ᠠᠵᠢᠭᠯᠠᠨ ᠰᠢᠨᠵᠢᠬᠦ ᠰᠤᠳᠤᠯᠭᠠᠨ ᠤ ᠦᠷᠳᠡᠭᠡ ᠶᠠᠭ ᠪᠠᠴᠢᠮ ᠶᠠᠭᠠᠷᠠᠯᠲᠠᠢ ᠪᠡᠯᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠭᠤᠷᠢᠨ ᠭᠠᠵᠠᠷ ᠴᠤ ᠪᠦᠳᠦᠭᠡᠨ ᠪᠠᠶᠢᠭᠤᠯᠤᠯᠳᠠ ᠪᠠᠨ ᠲᠦᠷᠭᠡᠳᠭᠡᠨ᠂ ᠡᠨᠡᠬᠦ ᠪᠣᠬᠢᠷᠲᠤᠯ ᠦᠭᠡᠢ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤ ᠪᠠᠬᠢ ᠪᠠᠶᠢᠭᠤᠯᠵᠤ ᠪᠠᠶᠢᠨ᠎ᠠ᠃      ᠳ᠋ᠧᠩᠺᠸᠤ ᠰᠢᠶᠠᠨ ᠤ ᠤᠯᠠᠭᠠᠨᠪᠤᠬ᠎ᠠ ᠶᠢᠨ ᠡᠯᠡᠰᠦᠨ ᠴᠦᠯ ᠳᠠᠬᠢ ᠨᠢᠭᠡ ᠬᠡᠰᠡᠭ ᠵᠠᠭ ᠤᠨ ᠣᠢ ᠦᠷᠭᠦᠯᠵᠢᠯᠡᠭᠰᠡᠨ ᠡᠯᠡᠰᠦᠨ ᠳᠣᠪᠣᠴᠠᠭ ᠳᠡᠭᠡᠷ᠎ᠡ ᠰᠠᠯᠬᠢᠨ ᠤ ᠠᠶ᠎ᠠ ᠪᠠᠷ ᠰᠡᠬᠦᠶᠢᠨ ᠪᠣᠰᠴᠤ᠂ ᠨᠢᠭᠡᠨ ᠨᠣᠭᠤᠭᠠᠨ ᠥᠩᠭᠡ ᠶᠢᠨ ᠬᠠᠮᠠᠭᠠᠯᠠᠯᠲᠠ ᠶᠢᠨ ᠬᠡᠷᠡᠮ ᠪᠣᠯᠵᠤ᠂ ᠰᠠᠯᠬᠢ ᠰᠢᠭᠤᠷᠭᠠᠨ ᠤ ᠤᠷᠤᠭᠰᠢᠯᠠᠬᠤ ᠠᠯᠬᠤᠮ ᠢ ᠬᠤᠷᠢᠭᠯᠠᠨ᠎ᠠ᠃ ᠬᠡᠳᠦᠨ ᠠᠷᠪᠠᠨ ᠵᠢᠯ ᠤᠨ ᠲᠤᠷᠰᠢ᠂ ᠳ᠋ᠧᠩᠺᠸᠤ ᠰᠢᠶᠠᠨ ᠡᠯᠡᠰᠦᠨ ᠴᠥᠯ ᠵᠦᠭ ᠲᠠᠰᠤᠷᠠᠯᠲᠠ ᠦᠭᠡᠢ ᠤᠷᠤᠭᠰᠢᠯᠠᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ︽ᠳ᠋ᠧᠩᠺᠸᠤ ᠶᠢᠨ ᠵᠠᠭᠪᠤᠷ︾ ᠢ ᠪᠣᠶ ᠪᠣᠯᠭᠠᠵᠤ᠂ ᠤᠯᠠᠭᠠᠨᠪᠤᠬ᠎ᠠ ᠶᠢᠨ ᠡᠯᠡᠰᠦᠨ ᠴᠦᠯ ᠢ  ᠨᠤᠭᠤᠭᠠᠨ ᠪᠦᠷᠢᠳᠤ ᠪᠤᠯᠭᠠᠨ ᠬᠤᠪᠢᠷᠠᠭᠤᠯᠤᠭᠰᠠᠨ ᠪᠠᠶᠢᠨ᠎ᠠ᠃      ᠳ᠋ᠧᠩᠺᠸᠤ ᠰᠢᠶᠠᠨ ᠪᠣᠯ ᠬᠠᠳᠤᠨ ᠭᠤᠣᠯ ᠤᠨ ︽ᠲᠤᠬᠤᠢ︾ ᠶᠢᠨ ᠭᠡᠰᠡᠭ ᠲᠠᠬᠢ ᠤᠯᠠᠭᠠᠨᠪᠤᠬ᠎ᠠ ᠶᠢᠨ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ︽ᠲᠤᠬᠤᠢ︾ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠬᠠᠢ ᠲᠤᠷᠠᠳᠤᠭᠰᠠᠨ ᠴᠢᠬᠤᠯᠠ ᠵᠢᠭᠠᠪᠤᠷᠢ ᠳᠠᠬᠢ ᠴᠦᠯᠯᠡᠷᠭᠡᠭᠵᠢᠯ ᠢ ᠵᠠᠰᠠᠬᠤ ᠭᠤᠣᠯ ᠲᠠᠶᠢᠯᠠᠯᠳᠤᠭᠠᠨ ᠤ ᠲᠠᠯᠠᠪᠤᠷ ᠪᠠ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠦᠷᠳᠡᠭᠡᠨ ︽ᠤᠮᠠᠷᠠᠳᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠣᠷᠣᠨ ᠪᠤᠯᠤᠨ᠎ᠠ᠃ ᠡᠯᠡᠰᠦᠨ ᠴᠥᠯ ᠢᠶᠠᠷ ᠠᠴᠢᠶᠠᠯᠠᠪᠤᠷᠢ ᠪᠣᠯᠭᠠᠵᠤ᠂ ᠳ᠋ᠧᠩᠺᠸᠤ ᠰᠢᠶᠠᠨ ᠴᠠᠭᠠᠨ ᠭᠤᠶᠣᠣ  ᠪᠠᠷ ᠭᠤᠣᠯ ᠪᠣᠯᠭᠠᠭᠰᠠᠨ ᠡᠯᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠭᠡᠷᠡᠯ ᠴᠡᠨᠡᠭ ᠤᠨ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠤ᠂ ᠬᠠᠪᠲᠠᠰᠤᠨ ᠳᠣᠣᠷ᠎ᠠ ᠲᠠᠷᠢᠶ᠎ᠠ ᠳᠠᠷᠢᠬᠤ︾ ᠬᠡᠷᠡᠯ ᠴᠠᠭᠢᠯᠭᠠᠨ ᠭᠠᠷᠭᠠᠬᠤ ᠪᠠ ᠠᠮᠢ ᠠᠬᠤᠢ ᠶᠢᠨ ᠵᠠᠰᠠᠯᠲᠠ ᠶᠢᠨ ᠰᠢᠨ᠎ᠡ ᠵᠠᠭᠪᠤᠷ ᠢ ᠡᠭᠦᠳᠴᠦ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠵᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠠᠭᠤ ᠠᠵᠤ ᠠᠬᠤᠢ ᠶᠢᠨ ᠮᠠᠰᠢ ᠰᠠᠶᠢᠨ ᠦᠷ᠎ᠡ ᠠᠰᠢᠭ ᠤᠯᠤᠭᠰᠠᠨ ᠪᠠᠶᠢᠨ᠎ᠠ᠃      ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠣᠶ ᠰᠢᠭᠤᠢ ᠶᠢᠨ ᠲᠠᠯᠠᠪᠠᠶ ᠶᠢᠨ ᠤᠯᠠᠭᠠᠨᠪᠤᠬ᠎ᠠ ᠶᠢᠨ ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠤᠷᠤᠨ ᠳᠠᠬᠢ ᠨᠢᠭᠡ ᠬᠡᠰᠡᠭ ᠵᠢᠭᠠᠷᠲᠤ ᠨᠠᠷᠠᠰᠤᠨ ᠮᠣᠳᠣ ᠶᠢ ᠨᠢᠳᠤᠨᠤᠨ ᠰᠠᠶ᠋ᠢ ᠳᠠᠷᠢᠵᠠᠢ᠂ ᠬᠡᠳᠦᠨ ᠵᠢᠯ ᠤᠨ ᠳᠠᠷᠠᠭ᠎ᠠ᠂ ᠡᠳᠡᠭᠡᠷ ᠨᠠᠷᠠᠰᠤᠨ ᠮᠤᠳᠤ ᠨᠢ ᠭᠦᠮᠦᠨ ᠤ ᠭᠦᠴᠤ ᠪᠠᠷ ᠲᠠᠷᠢᠭᠰᠠᠨ ᠣᠢ ᠪᠤᠯᠤᠨ ᠪᠦᠷᠢᠯᠳᠦᠵᠤ᠂  ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨᠰᠢ ᠨᠡᠭᠦᠳᠡᠯᠯᠡᠭᠦ ᠪᠠ ᠤᠮᠠᠷᠠᠰᠢ ᠪᠠᠨ ᠯᠠᠩᠱᠠᠨ ᠤ ᠰᠠᠯᠬᠢᠨ ᠤ ᠬᠥᠨᠥᠭᠡᠯ ᠢ ᠬᠤᠷᠢᠭᠯᠠᠵᠤ᠂ ᠤᠷᠠᠳ ᠤᠨ ᠲᠠᠯ᠎ᠠ ᠨᠤᠳᠤᠭ ᠤᠨ ᠡᠯᠡᠰᠤᠷᠭᠡᠭᠵᠢᠭᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠪᠣᠷᠣᠳᠣᠬᠤᠢ ᠣᠷᠣᠨ ᠤ ᠠᠮᠢ ᠠᠬᠤᠢ ᠶᠢᠨ ᠰᠢᠰᠲ᠋ᠧᠮ ᠢ ᠲᠣᠬᠢᠷᠠᠭᠤᠯᠬᠤ ᠬᠦᠨᠳᠦ ᠡᠭᠦᠷᠭᠡ ᠶᠢ ᠡᠭᠦᠷᠭᠡᠯᠡᠭᠦ ᠪᠤᠯᠤᠨ᠎ᠠ᠃      ᠪᠠᠷᠠᠭᠤᠨ ᠪᠤᠯᠤᠩ ᠣᠶ ᠰᠢᠭᠤᠢ ᠶᠢᠨ ᠲᠠᠯᠠᠪᠠᠶ ᠶᠢᠨ ᠭᠠᠵᠠᠷ ᠰᠢᠷᠣᠢ ᠲᠠᠴᠢᠷ ᠨᠢᠮᠭᠡᠨ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠪᠠᠶᠢᠳᠠᠭ᠂ ᠣᠯᠠᠨ ᠵᠢᠯ ᠤᠨ ᠲᠤᠷᠰᠢ᠂ ᠪᠠᠷᠠᠭᠤᠨ ᠪᠤᠯᠤᠩ ᠣᠶ ᠰᠢᠭᠤᠢ ᠶᠢᠨ ᠬᠠᠮᠢᠶᠠᠷᠤᠯᠲᠠ ᠶᠢᠨ ᠲᠥᠪ ᠨᠢ ᠲᠤᠬᠠᠢ ᠶᠢᠨ ᠭᠠᠵᠠᠷ ᠤᠨ ᠠᠩᠬᠠᠨ ᠤ ᠴᠢᠨᠠᠷ ᠰᠠᠶᠢᠲᠠᠢ ᠦᠷ᠎ᠡ ᠡᠳ᠋ ᠤᠨ ᠡᠬᠢ ᠪᠠᠶᠠᠯᠢᠭ ᠢ ᠠᠰᠢᠭᠯᠠᠨ᠂ ᠬᠥᠮᠥᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ ᠪᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠮᠣᠳᠣᠨ ᠤ ᠲᠥᠷᠥᠯ ᠤᠨ ᠰᠢᠯᠢᠳᠡᠭ ᠢ ᠰᠣᠩᠭᠤᠬᠤ ᠲᠤᠷᠰᠢᠯᠲᠠ ᠶᠢᠨ ᠰᠤᠳᠤᠯᠭᠠᠨ ᠢ ᠥᠷᠨᠢᠭᠦᠯᠦᠨ᠎ᠡ ᠃2023 ᠣᠨ ᠳᠤ᠂ ᠪᠠᠷᠠᠭᠤᠨ ᠪᠤᠯᠤᠩ ᠤᠢ ᠰᠢᠭᠤᠢ ᠶᠢᠨ ᠬᠠᠮᠢᠶᠠᠷᠤᠯᠲᠠ ᠶᠢᠨ ᠲᠥᠪ ᠤᠨ ᠬᠢᠨ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ︽ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ + ᠨᠢᠰᠭᠡᠯ ᠢᠶᠠᠷ ᠤᠶᠢᠵᠢᠭᠤᠯᠤᠨ ᠪᠢᠲᠡᠭᠦᠮᠵᠢᠯᠡᠬᠦ + ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ︾ ᠲᠤᠷᠰᠢᠯᠲᠠ ᠶᠢ ᠭᠢᠵᠤ᠂ ᠡᠯᠡᠰᠤᠨ ᠴᠦᠯ ᠤᠨ ᠠᠮᠢ ᠠᠬᠤᠢ ᠶᠢᠨ ᠵᠠᠰᠠᠯᠲᠠ᠂ ᠤᠷᠭᠤᠮᠠᠯ ᠤᠨ ᠬᠤᠴᠢᠯᠠᠭ᠎ᠠ ᠶᠢ ᠲᠠᠭᠢᠨ ᠰᠡᠷᠭᠦᠭᠡᠭᠦ ᠳᠤ ᠬᠡᠷᠡᠭᠵᠢᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠡᠭᠦᠳᠴᠡᠢ᠃ ᠣᠳᠣᠬᠠᠨ ᠳᠤ ᠂ ᠡᠯᠡᠰᠦ ᠲᠣᠭᠲᠠᠪᠤᠷᠢᠵᠢᠭᠤᠯᠬᠤ ᠮᠠᠰᠢᠨ᠂ ᠲᠣᠣᠷᠯᠢᠭ ᠡᠯᠡᠰᠤᠨ ᠬᠠᠯᠬᠠᠪᠴᠢ ᠲᠠᠯᠪᠢᠬᠤ ᠮᠠᠰᠢᠨ᠂ ᠲᠤᠰᠬᠠᠢ ᠮᠡᠷᠭᠡᠵᠢᠯ ᠤᠨ ᠨᠦᠬᠡ ᠮᠠᠯᠲᠠᠬᠤ ᠮᠠᠰᠢᠨ ᠵᠡᠷᠭᠡ ᠲᠥᠬᠦᠭᠡᠷᠦᠮᠵᠢ ᠶᠢ ᠣᠷᠣᠭᠤᠯᠤᠨ ᠠᠪᠴᠢᠷᠠᠭᠰᠠᠨ ᠨᠢ ᠪᠠᠷᠠᠭᠤᠨ ᠪᠤᠯᠤᠩ ᠤᠢ ᠰᠢᠭᠤᠢ ᠶᠢᠨ ᠲᠠᠯᠠᠪᠠᠢ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠮᠠᠰᠢᠨᠴᠢᠯᠠᠭᠰᠠᠨ ᠵᠠᠮ ᠳᠤ ᠤᠷᠤᠭᠤᠯᠤᠨ᠂ ᠨᠡᠩ ᠴᠤ ᠰᠢᠨᠵᠢᠯᠡᠬᠦ ᠤᠬᠠᠭᠠᠨᠴᠢ ᠪᠠᠷ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠡᠬᠡ ᠤᠯᠤᠰ ᠤᠨ ᠤᠮᠠᠷᠠᠲᠤ ᠶᠢᠨ ᠨᠣᠭᠤᠭᠠᠨ ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ