ᠬᠠᠳᠤᠨ ᠭᠤᠣᠯ ᠤᠨ ︽ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯ ᠳᠠᠶᠢᠯᠠᠯᠳᠤᠭᠠᠨ ᠤ ᠲᠠᠯᠠᠪᠤᠷ ᠪᠠ ᠡᠮᠦᠨ᠎ᠡ ᠹᠷᠣᠨᠲ ᠤᠨ | ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠨᠢᠭᠡ ᠤᠳᠠᠭ᠎ᠠ ᠶᠢᠨ ᠭᠡᠷᠡᠯ ᠢᠶᠠᠷ ᠴᠠᠬᠢᠯᠭᠠᠨ ᠭᠠᠷᠭᠠᠬᠤ ᠮᠡᠷᠭᠡᠵᠢᠯ ᠢᠶᠠᠷ ᠠᠷᠭ᠎ᠠ ᠪᠠᠷᠢᠯ ᠪᠣᠯᠭᠠᠭᠰᠠᠨ ᠠᠮᠢ | ᠠᠬᠤᠢ ᠶᠢᠨ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠮᠠᠨ ᠤ ᠬᠤᠳᠠ ᠳᠤ ᠪᠦᠬᠦ ᠲᠠᠯ᠎ᠠ ᠪᠠᠷ ᠡᠬᠢᠯᠡᠭᠦᠯᠪᠡ᠃ ᠮᠣᠳᠣ ᠪᠠᠷ ᠡᠯᠡᠰᠦ ᠶᠢ ᠬᠤᠷᠢᠭᠯᠠᠨ᠂ | ᠡᠪᠡᠰᠦ ᠪᠠᠷ ᠡᠯᠡᠰᠦ ᠶᠢ ᠲᠤᠭᠳᠠᠪᠤᠷᠢᠵᠢᠭᠤᠯᠵᠤ᠂ ᠭᠡᠷᠡᠯ ᠢᠶᠠᠷ ᠡᠯᠡᠰᠤ ᠶᠢ ᠲᠤᠰᠢᠬᠤ ︽ᠳ᠋ᠧᠩᠺᠸᠦ ᠶᠢᠨ ᠵᠠᠭᠪᠤᠷ︾ ᠨᠢ ᠪᠠᠶᠠᠨᠨᠠᠭᠤᠷ ᠬᠤᠲᠠ ᠶᠢᠨ ᠬᠢᠯᠢ ᠳᠠᠬᠢ 506 | ᠲᠦᠮᠡᠨ ᠮᠤ᠋ ᠤᠯᠠᠭᠠᠨᠪᠤᠬ᠎ᠠ ᠶᠢᠨ ᠡᠯᠡᠰᠦᠨ ᠴᠦᠯ ᠢ ᠨᠤᠭᠤᠭᠠᠨ ᠪᠦᠷᠢᠳᠤ ᠪᠤᠯᠭᠠᠵᠤ ᠪᠠᠶᠢᠨ᠎ᠠ᠃ | ᠬᠠᠲᠤᠨ ᠭᠤᠣᠯ ᠤᠨ ︽ᠲᠤᠬᠤᠢ︾ ᠶᠢᠨ ᠭᠡᠰᠡᠭ ᠨᠢ ᠪᠠᠷᠠᠭᠤᠨᠰᠢ 40 ᠺᠢᠯᠣᠮᠧᠲᠷ᠂ ᠳᠠᠷᠤᠢ ᠳ᠋ᠧᠩᠺᠸᠤ ᠰᠢᠶᠠᠨ ᠤ 85 ᠲᠦᠮᠡᠨ ᠺᠢᠯᠣᠸᠠᠲ ᠤᠨ ᠬᠡᠷᠡᠯ | ᠴᠡᠨᠡᠭ ᠪᠤᠯᠤᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠤᠶᠢᠯ ᠤᠨ ᠲᠤᠬᠠᠢ ᠶᠢᠨ ᠲᠠᠯᠠᠪᠠᠢ ᠪᠣᠯᠣᠨ᠎ᠠ᠃ | ᠥᠪᠥᠷ ᠮᠣᠩᠭᠤᠯ ᠤᠨ ᠮᠧᠩ ᠨᠧᠩ ᠰᠢᠨ᠎ᠡ ᠡᠨᠧᠷᠭᠢ ᠶᠢᠨ ᠪᠠᠶᠠᠨᠨᠠᠭᠤᠷ ᠣᠷᠣᠨ ᠤ ᠲᠥᠪ ᠤᠨ ᠶᠡᠷᠦᠩᠬᠡᠢ ᠵᠢᠩᠯᠢ ᠶᠢᠨ ᠲᠤᠰᠠᠯᠠᠭᠴᠢ ᠵᠢᠶᠠ ᠯᠢᠩ ᠶᠠ | ᠰᠤᠷᠪᠤᠯᠵᠢᠯᠠᠭᠴᠢ ᠳᠤ ᠡᠨᠡᠭᠦ ᠲᠦᠷᠦᠯ ᠵᠤᠶᠢᠯ ᠪᠤᠯ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠦᠷᠦᠯ ᠵᠦᠢᠯ ᠪᠣᠯᠣᠨ᠎ᠠ᠃ ᠭᠡᠷᠡᠯ ᠴᠡᠨᠡᠭ ᠤᠨ ᠬᠠᠪᠲᠠᠰᠤ ᠨᠡᠷᠡᠨ ᠤ | ᠡᠨᠧᠷᠭᠢ ᠪᠠᠷ ᠴᠠᠬᠢᠯᠭᠠᠨ ᠭᠠᠷᠭᠠᠵᠤ᠂ ᠬᠠᠪᠲᠠᠰᠤᠨ ᠤ ᠳᠣᠣᠷ᠎ᠠ ᠪᠢᠳᠠ ᠡᠯᠡᠰᠦ ᠶᠢ ᠵᠠᠰᠠᠬᠤ ᠤᠷᠭᠤᠮᠠᠯ ᠲᠠᠷᠢᠨ᠎ᠠ᠃ ᠡᠭᠦᠨ ᠤ ᠲᠠᠭᠤ ᠬᠡᠷᠡᠯ ᠴᠡᠨᠡᠭ ᠤᠨ ᠬᠠᠪᠲᠠᠰᠤᠨ ᠤ | ᠥᠨᠳᠥᠷ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠯ ᠴᠡᠨᠡᠭ ᠤᠨ ᠬᠠᠪᠲᠠᠰᠤᠨ ᠤ ᠬᠤᠭᠤᠷᠣᠨᠳᠣᠬᠢ ᠵᠠᠢ ᠶᠢ ᠴᠤ ᠦᠷᠭᠡᠳᠭᠡᠭᠰᠡᠨ᠂ ᠢᠩᠭᠢᠪᠡᠯ ᠠᠮᠢ ᠠᠬᠤᠢ ᠶᠢ | ᠵᠠᠰᠠᠬᠤ ᠲᠠᠷᠢᠮᠠᠯ ᠳᠤ ᠨᠡᠩ ᠰᠠᠶᠢᠨ ᠤᠷᠭᠤᠬᠤ ᠣᠷᠣᠨ ᠵᠠᠢ ᠬᠠᠩᠭᠠᠬᠤ ᠪᠣᠯᠣᠨ᠎ᠠ ᠭᠡᠪᠡ᠃ | ᠳ᠋ᠧᠩᠺᠸᠤ ᠰᠢᠶᠠᠨ ᠤ ᠡᠯᠡᠰᠦᠨ ᠴᠥᠯ ᠤᠨ ᠲᠠᠯᠠᠪᠠᠶ ᠨᠢ ᠪᠦᠭᠦ ᠰᠢᠶᠠᠨ ᠤ ᠶᠡᠷᠦᠩᠬᠡᠢ ᠲᠠᠯᠠᠪᠠᠶ ᠶᠢᠨ ᠲᠤᠯᠤᠭᠠᠨ ᠬᠤᠪᠢ ᠶᠢ ᠡᠵᠡᠯᠡᠵᠦ᠂ ᠪᠥᠬᠦ ᠤᠯᠤᠰ ᠤᠨ | ᠭᠠᠵᠠᠷ ᠰᠢᠷᠣᠢ ᠶᠢᠨ ᠡᠯᠡᠰᠦᠷᠬᠡᠭᠵᠢᠯ ᠪᠠ ᠡᠯᠡᠰᠦᠷᠬᠡᠭᠵᠢᠯ ᠤᠨ ᠠᠶᠤᠯ ᠲᠦᠭᠰᠢᠭᠦᠷᠢ ᠬᠦᠨᠳᠦ ᠰᠦᠷᠡᠬᠡᠢ ᠬᠤᠣᠷ ᠬᠥᠨᠥᠭᠡᠯ ᠲᠠᠢ ᠭᠠᠵᠠᠷ ᠣᠷᠣᠨ ᠤ ᠨᠢᠭᠡ ᠨᠢ ᠪᠣᠯᠣᠨ᠎ᠠ | ᠃ ᠲᠤᠬᠠᠢ ᠶᠢᠨ ᠭᠠᠵᠠᠷ ᠤᠨ ᠬᠢᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠶᠢ ᠬᠡᠷᠡᠯ ᠴᠡᠨᠡᠭ᠂ ᠲᠠᠷᠢᠶᠠᠯᠠᠩ᠂ ᠮᠠᠯ ᠠᠵᠤ ᠠᠬᠤᠢ ᠪᠠ ᠣᠶ ᠰᠢᠭᠤᠢ ᠵᠡᠷᠭᠡ | ᠠᠵᠤ ᠦᠢᠯᠡᠰ ᠲᠠᠢ ᠤᠶᠠᠯᠳᠤᠭᠤᠯᠤᠨ᠂ ᠠᠭᠠᠷ ᠲᠡᠭᠡᠷ᠎ᠡ ᠴᠠᠬᠢᠯᠭᠠᠨ ᠭᠠᠷᠭᠠᠬᠤ᠂ ᠭᠠᠵᠠᠷ ᠳᠡᠭᠡᠷ᠎ᠡ ᠡᠪᠡᠰᠦ ᠳᠠᠷᠢᠬᠤ᠂ ᠡᠪᠡᠰᠦᠨ ᠳᠡᠭᠡᠷ᠎ᠡ ᠮᠠᠯ ᠲᠡᠵᠢᠭᠡᠬᠦ᠂ ᠮᠠᠯ ᠤᠨ | ᠪᠠᠭᠠᠰᠤ ᠰᠢᠭᠡᠰᠦ ᠪᠠᠷ ᠲᠠᠷᠢᠶ᠎ᠠ ᠳᠠᠷᠢᠬᠤ᠂ ᠭᠠᠵᠠᠷ ᠳᠡᠭᠡᠷ᠎ᠡ ᠠᠴᠠ ᠭᠠᠵᠠᠷ ᠳᠣᠣᠷ᠎ᠠ ᠬᠦᠷᠲᠡᠯᠡᠬᠢ ᠪᠥᠬᠦ ᠲᠠᠯ᠎ᠠ ᠶᠢᠨ ᠠᠰᠢᠭ ᠣᠷᠣᠯᠭ᠎ᠠ ᠶᠢ ᠪᠡᠶᠡᠯᠡᠭᠦᠯᠦᠨ᠎ᠡ᠃ ᠡᠨᠡ | ᠪᠣᠯ ᠳᠠᠷᠤᠢ ᠤᠯᠠᠭᠠᠨᠪᠤᠬ᠎ᠠ ᠶᠢᠨ ᠡᠯᠡᠰᠤᠨ ᠴᠦᠯ ᠢ ᠵᠠᠰᠠᠬᠤ ︽ᠳ᠋ᠧᠩᠺᠸᠦ ᠶᠢᠨ ᠵᠠᠭᠪᠤᠷ︾ ᠪᠤᠯᠤᠨ᠎ᠠ᠃ | ᠳ᠋ᠧᠩᠺᠸᠤ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠣᠪᠴᠢᠶᠠᠨ ᠤ ᠲᠤᠬᠠᠶᠢᠯᠠᠭᠰᠠᠨ ᠠᠵᠢᠯ ᠤᠨ ᠲᠠᠰᠤᠭ ᠤᠨ ᠡᠷᠬᠢᠯᠡᠭᠴᠢ ᠵᠢᠶᠠᠩ ᠯᠦᠩ | ᠸᠧᠨ ᠰᠤᠷᠪᠤᠯᠵᠢᠯᠠᠭᠴᠢ ᠳᠤ ᠤᠰᠤᠯᠠᠯᠲᠠ ᠳᠤ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠠᠷᠭ᠎ᠠ ᠪᠠᠷ ᠤᠰᠤ ᠨᠦᠭᠦᠪᠦᠷᠢᠯᠡᠳᠡᠭ᠂ ᠢᠩᠭᠢᠪᠡᠯ | ᠴᠢᠬᠢ ᠮᠣᠳᠣ ᠶᠢ ᠵᠠᠶᠢᠯᠠᠬᠤ ᠳᠤ ᠬᠡᠷᠡᠭᠰᠡᠬᠦ ᠤᠰᠤᠨ ᠤ ᠬᠡᠮᠵᠢᠶ᠎ᠡ ᠨᠡᠯᠢᠶᠡᠳ ᠥᠨᠳᠥᠷ ᠦᠶ᠎ᠡ ᠳᠤ ᠪᠦᠲᠦᠮᠵᠢᠲᠡᠢ ᠤᠰᠤᠨ ᠤ ᠰᠤᠷᠪᠤᠯᠵᠢ ᠶᠢᠨ ᠪᠠᠲᠤᠯᠠᠭ᠎ᠠ ᠬᠠᠩᠭᠠᠵᠤ᠂ | ᠴᠢᠬᠢ ᠮᠣᠳᠣᠨ ᠤ ᠤᠨᠳᠤᠷᠤᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠢᠯᠡᠳᠲᠡ ᠨᠡᠮᠡᠭᠳᠡᠭᠦᠯᠦᠨ᠎ᠡ ᠭᠡᠪᠡ᠃ | ᠣᠲᠣ᠂ ᠳ᠋ᠧᠩᠺᠸᠦ ᠳᠤ ᠨᠢᠭᠡᠨᠲᠡ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠲᠠᠢ ᠵᠣᠬᠢᠴᠠᠭᠰᠠᠨ ︽ᠨᠢᠭᠡ ᠭᠠᠵᠠᠷ ᠨᠢᠭᠡ | ᠲᠤᠤᠷᠵᠢᠭᠰᠠᠨ ᠭᠤᠷᠪᠠᠨ ᠣᠷᠣᠨ︾ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠭᠳᠠᠯᠴᠠᠭ᠎ᠠ ᠶᠢ ᠪᠠᠶᠢᠭᠤᠯᠤᠨ᠂ ᠤᠯᠠᠭᠠᠨᠪᠤᠬ᠎ᠠ ᠶᠢᠨ ᠡᠯᠡᠰᠦᠨ ᠴᠥᠯ ᠤᠨ | ᠵᠡᠭᠦᠨ ᠬᠤᠶᠢᠲᠤ ᠬᠡᠰᠡᠭ ᠤᠨ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠣᠲᠣ ᠶᠠᠭ ᠰᠠᠶᠢᠬᠠᠨ ᠪᠠᠶᠢᠭᠤᠯᠵᠤ ᠪᠠᠶᠢᠨ᠎ᠠ᠃ | | ᠳ᠋ᠧᠩᠺᠸᠤ ᠰᠢᠶᠠᠨ ᠤ ᠳᠡᠳ᠋ ᠳᠠᠷᠤᠭ᠎ᠠ ᠬᠠᠨ ᠷᠦᠢ ᠰᠤᠷᠪᠤᠯᠵᠢᠯᠠᠭᠴᠢ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯᠴᠢ᠂ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠡᠬᠢᠨ ᠤ ᠦᠶ᠎ᠡ ᠪᠣᠯᠬᠤ ᠳᠤ ᠳ᠋ᠧᠩᠺᠸᠤ ᠰᠢᠶᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ 1400 ᠲᠦᠮᠡᠨ ᠺᠢᠯᠣᠸᠠᠲ ᠠᠴᠠ ᠳᠡᠭᠡᠭᠰᠢ ᠳᠤ ᠬᠦᠷᠴᠦ᠂ ᠭᠡᠷᠡᠯ ᠤᠨ ᠡᠨᠧᠷᠭᠢ ᠪᠠᠷ ᠡᠯᠡᠰᠦ ᠶᠢ ᠵᠠᠰᠠᠬᠤ ᠲᠠᠯᠠᠪᠠᠶ 43 | ᠲᠦᠮᠡᠨ ᠮᠦ ᠠᠴᠠ ᠳᠡᠭᠡᠭᠰᠢ ᠪᠤᠯᠵᠤ᠂ ᠪᠦᠭᠦ ᠰᠢᠶᠠᠨ ᠤ ᠡᠯᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ ᠢ 160 ᠳ᠋ᠦᠩᠰᠢᠭᠤᠷ ᠲᠥᠭᠦᠷᠢᠭ ᠠᠴᠠ | ᠲᠡᠭᠡᠭᠰᠢ ᠪᠤᠯᠭᠠᠨ᠎ᠠ ᠭᠡᠪᠡ᠃ | ᠡᠨᠡ ᠵᠢᠯ᠂ ᠮᠠᠨ ᠤ ᠬᠤᠲᠠ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 300 ᠲᠦᠮᠡᠨ ᠮᠤ᠋ ᠪᠡᠶᠡᠯᠡᠭᠦᠯᠦᠭᠰᠡᠨ | ᠰᠠᠭᠤᠷᠢᠨ ᠳᠡᠭᠡᠷ᠎ᠡ᠂ ᠤᠯᠠᠭᠠᠨᠪᠤᠬ᠎ᠠ ᠶᠢᠨ ᠡᠯᠡᠰᠦᠨ ᠴᠦᠯ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ | ᠺᠢᠯᠣᠸᠠᠲ ᠤᠨ ᠬᠡᠷᠡᠯ ᠴᠡᠨᠡᠭ᠂ ᠮᠧᠩ ᠨᠧᠩ 460 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠰᠠᠯᠬᠢᠨ ᠴᠠᠬᠢᠯᠭᠠᠨ᠂ ᠬᠡᠷᠡᠯ ᠴᠡᠨᠡᠭ ᠢ ᠪᠠᠶᠢᠭᠤᠯᠤᠨ | ᠳᠠᠭᠤᠰᠬᠠᠵᠤ ᠲᠣᠣᠷ ᠲᠤ ᠨᠡᠶᠢᠯᠡᠭᠦᠯᠬᠦ ᠶᠢ ᠪᠡᠶᠡᠯᠡᠭᠦᠯᠭᠦ ᠪᠠᠷ ᠲᠥᠯᠥᠪᠯᠡᠵᠦ ᠪᠣᠶ᠃ | |