︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠮᠠᠨ ᠤ ᠬᠤᠲᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠭᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/11
      ᠮᠠᠨ ᠤ ᠬᠤᠳᠠ ᠪᠣᠯ ᠬᠠᠳᠤᠨ ᠭᠤᠣᠯ ᠤᠨ ︽ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯ ᠲᠠᠶᠢᠨ ᠤ ᠲᠠᠯᠠᠪᠤᠷ ᠮᠦᠷᠳᠡᠭᠡᠨ ᠭᠤᠣᠯ ᠵᠢᠭᠰᠠᠭᠠᠯ ᠤᠨ ᠭᠠᠵᠠᠷ ᠪᠣᠯᠣᠨ᠎ᠠ᠃ ᠡᠨᠡ ᠵᠢᠯ ᠮᠠᠨ ᠤ ᠬᠤᠳᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠠᠶᠢᠷᠢᠯᠠᠭᠤᠯᠤᠨ ᠪᠠᠶᠢᠭᠤᠯᠵᠤ᠂ ᠤᠮᠠᠷᠠᠲᠤ ᠬᠢᠯᠢ ᠶᠢᠨ ᠡᠪᠳᠡᠷᠡᠰᠢ ᠦᠭᠡᠢ ᠪᠠᠲᠤ ᠪᠠᠬᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠪᠠᠭᠢᠵᠢᠭᠦᠯᠦᠨ᠎ᠡ᠃       ᠳ᠋ᠧᠩᠺᠸᠤ ᠰᠢᠶᠠᠨ ᠤ ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠲᠤ᠂ ᠲᠣᠮᠣ ᠬᠡᠯᠪᠡᠷᠢ ᠶᠢᠨ ᠮᠠᠰᠢᠨ ᠨᠠᠭᠠᠰᠢ ᠴᠠᠭᠠᠰᠢ ᠰᠦᠯᠵᠢᠯᠳᠦᠵᠦ᠂ ᠠᠵᠢᠯᠴᠢᠳ ᠶᠠᠭ ᠲᠠᠯᠠᠪᠤᠷ ᠲᠡᠭᠰᠢᠯᠡᠬᠦ ᠠᠵᠢᠯ ᠭᠢᠭᠡᠳ ᠶᠠᠭᠠᠷᠠᠯᠳᠤᠨ᠎ᠠ᠃      ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠠᠯᠠᠪᠤᠷ ᠢ ᠲᠡᠭᠰᠢᠯᠡᠬᠦ ᠢᠨᠵᠧᠨᠧᠷᠢᠩ ᠤᠨ ᠬᠠᠷᠢᠭᠤᠴᠠᠯᠭᠠᠲᠠᠨ ᠦ᠋ ᠷᠦᠢ ᠵᠢᠶᠦ᠋ᠨ ᠰᠤᠷᠪᠤᠯᠵᠢᠯᠠᠭᠴᠢ ᠳᠤ ᠡᠳᠦᠷ ᠪᠦᠷᠢ ᠪᠠᠷᠤᠭ 100 ᠰᠠᠤᠷᠢ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠬᠥᠳᠡᠯᠭᠡᠵᠦ᠂ 6 ᠰᠠᠷ᠎ᠠ ᠶᠢᠨ ᠲᠤᠮᠳᠠᠴᠢ ᠪᠤᠯᠠᠬᠤ ᠳᠤ ᠪᠦᠭᠦ ᠠᠵᠢᠯ ᠢᠶᠠᠨ ᠲᠠᠭᠤᠰᠬᠠᠬᠤ ᠪᠠᠷ ᠲᠦᠯᠦᠪᠯᠡᠵᠤ ᠪᠠᠶᠢᠨ᠎ᠠ ᠭᠡᠪᠡ᠃       ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠤᠨ 200 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 77.54 ᠳ᠋ᠦᠩᠰᠢᠭᠤᠷ ᠲᠥᠭᠦᠷᠢᠭ ᠪᠠᠶᠢᠵᠤ᠂ ᠲᠥᠷᠥᠯ ᠵᠦᠢᠯ ᠨᠢ ︽ᠬᠡᠰᠡᠭ ᠬᠤᠪᠢᠶᠠᠨ ᠴᠠᠬᠢᠯᠭᠠᠨ ᠭᠠᠷᠭᠠᠬᠤ᠂ ᠲᠥᠪᠯᠡᠷᠡᠭᠦᠯᠦᠨ ᠲᠣᠣᠷ ᠲᠤ ᠨᠡᠶᠢᠯᠡᠭᠦᠯᠬᠦ︾ ᠠᠷᠭ᠎ᠠ ᠮᠠᠶ᠋ᠢᠭ ᠢᠶᠠᠷ 220kv ᠤᠨ ᠬᠦᠴᠦᠳᠡᠯ ᠳᠡᠭᠡᠭᠰᠢᠯᠡᠭᠦᠯᠬᠦ ᠥᠷᠲᠡᠭᠡ 2 ᠰᠢᠨ᠎ᠡ ᠪᠠᠷ ᠪᠠᠶᠢᠭᠤᠯᠵᠤ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠲᠤᠮᠳᠠᠭᠤᠷ ᠳᠠᠷᠢᠬᠤ᠂ ᠬᠠᠪᠲᠠᠰᠤᠨ ᠳᠣᠣᠷ᠎ᠠ ᠡᠯᠡᠰᠦ ᠶᠢ ᠲᠣᠭᠲᠠᠪᠤᠷᠢᠵᠢᠭᠤᠯᠬᠤ ᠶᠢ ᠤᠶᠠᠯᠳᠤᠭᠤᠯᠬᠤ ᠵᠠᠭᠪᠤᠷ ᠢ ᠭᠡᠷᠡᠭᠯᠡᠨ᠂ ᠬᠡᠷᠡᠯ ᠴᠡᠨᠡᠭ ᠤᠨ ᠠᠵᠤ ᠦᠢᠯᠡᠰ ᠬᠢᠭᠡᠳ ᠠᠮᠢ ᠠᠬᠤᠢ ᠶᠢᠨ ᠵᠠᠰᠠᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ᠃ ᠣᠶᠢᠯᠠᠭᠠᠭᠰᠠᠨ ᠢᠶᠠᠷ᠂ ᠲᠥᠷᠥᠯ ᠵᠦᠢᠯ ᠢ ᠡᠨᠡ ᠵᠢᠯ ᠤᠨ 12 ᠰᠠᠷ᠎ᠠ ᠶᠢᠨ 30 ᠤ ᠡᠳᠦᠷ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠴᠠᠭᠢᠯᠭᠠᠨ ᠲᠣᠣᠷ ᠲᠤ ᠣᠷᠣᠭᠤᠯᠬᠤ ᠪᠣᠯᠣᠨ᠎ᠠ᠂ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠤᠨ  ᠲᠤᠮᠳᠠᠴᠢ ᠪᠠᠷ ᠴᠠᠭᠢᠯᠭᠠᠨ ᠲᠤᠤᠷ ᠲᠤ ᠤᠷᠤᠭᠤᠯᠬᠤ ᠴᠠᠬᠢᠯᠭᠠᠨ ᠤ ᠬᠡᠮᠵᠢᠶ᠎ᠡ 16.7 ᠳ᠋ᠦᠩᠰᠢᠭᠤᠷ ᠭᠷᠡᠳᠦ᠋ᠰ ᠭᠦᠷᠴᠤ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 54.88 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 140.38 ᠲᠦᠮᠡᠨ ᠲᠣᠨ ᠪᠠᠭᠠᠰᠬᠠᠬᠤ ᠪᠤᠯᠤᠨ᠎ᠠ᠃       ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ︽ᠵᠢᠷᠭᠤᠭᠠᠨ ᠢᠨᠵᠧᠨᠧᠷᠢᠩ︾  ᠤᠨ ᠨᠢᠭᠡ ᠪᠤᠯᠠᠬᠤ ᠮᠦᠷᠳᠡᠭᠡᠨ ᠬᠠᠳᠤᠨ ᠭᠤᠣᠯ ᠤᠨ ︽ᠲᠤᠬᠤᠢ︾ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠲᠤᠷ ᠭᠢᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶᠡᠴᠢ ᠣᠷᠣᠨ ᠢ ᠲᠦᠷᠭᠡᠪᠴᠢᠯᠡᠨ ᠪᠠᠶᠢᠭᠤᠯᠬᠤ ᠶᠢᠨ ᠴᠢᠬᠤᠯᠠ ᠭᠠᠷᠳᠠᠴᠠ ᠪᠤᠯᠤᠨ᠎ᠠ᠃ ᠮᠠᠨ ᠤ ᠬᠤᠳᠠ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠵᠠᠰᠠᠬᠤ ᠪᠠ ᠬᠡᠷᠡᠭᠯᠡᠬᠦ ᠶᠢ ᠵᠡᠷᠭᠡ ᠪᠠᠷ ᠴᠢᠬᠤᠯᠠᠴᠢᠯᠠᠬᠤ᠂ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠬᠦ︾ ᠰᠡᠳᠬᠢᠴᠡ ᠪᠠ ᠵᠠᠷᠴᠢᠮ  ᠢ ᠪᠠᠷᠢᠮᠲᠠᠯᠠᠨ᠂ ᠦᠳᠲᠡᠷ ᠲᠦᠷᠭᠡᠨ  ᠢᠶᠠᠷ ᠬᠥᠳᠡᠯᠦᠯᠴᠡᠵᠦ᠂ ᠪᠠᠶᠢᠷᠢᠯᠠᠭᠤᠯᠤᠯᠲᠠ  ᠶᠢ ᠰᠢᠯᠢᠳᠡᠭᠵᠢᠭᠦᠯᠦᠨ᠂ ᠡᠯᠡᠰᠦᠨ ᠴᠥᠯ ᠡᠯᠡᠰᠦᠷᠬᠡᠭ ᠭᠠᠵᠠᠷ᠂ ᠮᠤᠨᠢ ᠠᠭᠤᠯᠠ ᠶᠢᠨ ᠠᠷᠤ ᠬᠤᠷᠮᠣᠢ᠂ ᠪᠣᠷᠣᠳᠣᠬᠤᠢ ᠶᠢᠨ ᠲᠠᠯ᠎ᠠ ᠭᠠᠵᠠᠷ ᠵᠡᠷᠭᠡ 3 ᠶᠡᠭᠡ ᠣᠷᠣᠨ ᠪᠦᠰᠡ᠂ 8 ᠬᠡᠰᠡᠭ ᠣᠷᠣᠨ᠂ 14 ᠵᠠᠰᠠᠬᠤ ᠲᠥᠷᠥᠯ ᠵᠦᠢᠯ ᠤᠨ ᠣᠷᠣᠨ ᠬᠤᠪᠢᠶᠠᠵᠤ᠂ ᠪᠥᠬᠦ ᠬᠦᠴᠦᠨ ᠢᠶᠠᠷ ᠢᠶᠠᠨ ᠢᠨᠵᠧᠨᠧᠷᠢᠩ  ᠤᠨ ᠪᠦᠲᠦᠭᠡᠨ ᠪᠠᠢᠭᠤᠯᠤᠯᠲᠠ ᠶᠢ ᠠᠭᠢᠭᠤᠯᠵᠤ ᠪᠠᠶᠢᠨ᠎ᠠ᠃ 2024 ᠣᠨ ᠳᠤ ᠵᠠᠰᠠᠬᠤ ᠶᠡᠷᠦᠩᠬᠡᠢ ᠲᠠᠯᠠᠪᠠᠶ ᠶᠢ 33.28 ᠲᠦᠮᠡᠨ ᠮᠦ᠂ ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠲᠥᠷᠥᠯ ᠵᠦᠢᠯ ᠤᠨ ᠵᠠᠰᠠᠯᠲᠠ ᠶᠢ 10.8 ᠲᠦᠮᠡᠨ ᠮᠦ᠂ ᠰᠢᠨ᠎ᠡ ᠪᠠᠷ ᠨᠡᠮᠡᠵᠦ ᠵᠠᠰᠠᠬᠤ ᠲᠠᠯᠠᠪᠠᠢ ᠶᠢ22.48 ᠲᠦᠮᠡᠨ ᠮᠦ ᠳᠤ ᠭᠦᠷᠭᠡᠵᠤ᠂ ᠡᠭᠦᠨ ᠳᠤ ᠬᠡᠷᠡᠯ ᠴᠡᠨᠡᠭ + ᠠᠮᠢ ᠠᠬᠤᠢ ᠶᠢᠨ ᠵᠠᠰᠠᠯᠲᠠ 11.28 ᠲᠦᠮᠡᠨ ᠮᠦ᠂ ᠰᠠᠯᠬᠢᠨ ᠴᠠᠬᠢᠯᠭᠠᠨ + ᠠᠮᠢ ᠠᠬᠤᠢ ᠶᠢᠨ ᠵᠠᠰᠠᠯᠲᠠ 11.2 ᠲᠦᠮᠡᠨ ᠮᠦ ᠪᠤᠯᠤᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ