ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠵᠠᠷᠯᠢᠭ
ᠨᠡᠶᠢᠲᠡᠯᠡᠭᠰᠡᠨ ᠴᠠᠭ᠄
2024/4/11
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ  ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠵᠥᠪᠯᠡᠯ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠤᠯᠤᠰ ᠤᠨ ᠨᠤᠲᠤᠭ ᠳᠡᠪᠢᠰᠬᠡᠷ ᠤᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ  ᠣᠨᠴᠠᠭᠠᠶᠢᠯᠠᠨ ᠨᠡᠶᠢᠲᠡᠯᠡᠪᠡ᠄       ᠨᠢᠭᠡ᠂ ᠪᠥᠬᠦ ᠬᠤᠲᠠ ᠶᠢᠨ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ 3 ᠰᠠᠷ᠎ᠠ ᠶᠢᠨ 15 ᠤ ᠡᠳᠦᠷ ᠠᠴᠠ 6  ᠰᠠᠷ᠎ᠠ ᠶᠢᠨ 15 ᠤ ᠡᠳᠦᠷ ᠪᠣᠯᠣᠨ᠎ᠠ︔ 9 ᠰᠠᠷ᠎ᠠ ᠶᠢᠨ 15 ᠠᠴᠠ 11 ᠰᠠᠷ᠎ᠠ ᠶᠢᠨ 15 ᠤ ᠡᠳᠦᠷ᠃ ᠡᠭᠦᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭ᠎ᠠ ᠨᠢ 3 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 10 ᠤ ᠡᠳᠦᠷ ᠪᠣᠯᠣᠨ᠎ᠠ︔ 10 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ 10 ᠤ ᠡᠳᠦᠷ᠃       ᠬᠤᠶᠠᠷ᠂ ᠮᠤᠨᠠ ᠠᠭᠤᠯᠠ ᠶᠢᠨ ᠬᠤᠶᠢᠨ᠎ᠠ ᠡᠭᠦᠰᠦᠭᠰᠡᠨ ᠤᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠣᠨ ᠪᠦᠰᠡ᠂ ᠤᠯᠤᠰ ᠤᠨ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ᠂ G6᠂ G7᠂ ᠤᠯᠤᠰ ᠤᠨ ᠵᠠᠮ 110᠂ ᠤᠯᠤᠰ ᠤᠨ ᠵᠠᠮ 242᠂ ᠮᠤᠵᠢ ᠶᠢᠨ ᠵᠠᠮ 212᠂ ᠮᠤᠵᠢ ᠶᠢᠨ ᠵᠠᠮ 215᠂ ᠮᠤᠵᠢ ᠶᠢᠨ ᠵᠠᠮ 315 ︵ᠬᠠᠲᠤᠨ ᠭᠤᠣᠯ ᠳᠠᠭᠠᠤ ᠶᠢᠨ ᠵᠠᠰᠠᠮᠠᠯ ᠵᠠᠮ︶᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ 200 ᠮᠧᠲᠷ ᠤᠨ ᠬᠡᠪᠴᠢᠶᠡᠨ ᠳᠣᠲᠣᠷ᠎ᠠ᠂ ᠤᠯᠤᠰ ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠤᠯᠠᠭᠠᠨᠪᠤᠬ᠎ᠠ ᠶᠢᠨ ᠡᠯᠡᠰᠦᠨ ᠴᠥᠯ ᠤᠨ ᠠᠮᠢ ᠠᠬᠤᠢ ᠶᠢᠨ ᠵᠠᠰᠠᠯᠲᠠ ᠶᠢᠨ ᠣᠷᠣᠨ᠂ ᠤᠷᠠᠳ ᠤᠨ ᠨᠤᠲᠤᠭ ᠪᠡᠯᠴᠢᠭᠡᠷ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠭᠠᠭᠯᠠᠨ ᠲᠣᠭᠲᠠᠭᠠᠭᠰᠠᠨ ᠵᠠᠬᠢᠷᠤᠨ ᠬᠠᠮᠢᠶᠠᠷᠬᠤ ᠣᠷᠣᠨ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠢ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠪᠣᠯᠭᠠᠨ᠎ᠠ᠃       ᠭᠤᠷᠪᠠ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ᠄       ︵ᠨᠢᠭᠡ︶ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠠᠯᠢᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠨ᠎ᠠ᠃       ︵ᠬᠤᠶᠠᠷ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠪᠤᠯᠠᠰᠢᠨ ᠳᠤ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠲᠠᠷᠢᠶᠠᠨ ᠲᠠᠯᠠᠩ ᠰᠢᠲᠠᠭᠠᠬᠤ᠂ ᠪᠤᠵᠠᠷ ᠡᠪᠡᠰᠦ᠂ ᠡᠰᠢ ᠰᠦᠷᠡᠯ᠂  ᠪᠡᠯᠴᠢᠭᠡᠷ ᠰᠢᠲᠠᠭᠠᠬᠤ᠂ ᠠᠲᠠᠷ ᠰᠢᠲᠠᠭᠠᠵᠤ ᠨᠡᠭᠦᠷᠡᠰᠦ ᠰᠢᠲᠠᠭᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠢ ᠭᠠᠯ ᠬᠡᠷᠡᠭᠯᠡᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃       ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ ᠬᠡᠷᠡᠭᠲᠡᠢ ᠨᠢᠭᠡᠴᠡ ᠪᠠ ᠰᠠᠭᠤᠭᠠᠯᠢ ᠠᠷᠠᠳ ᠲᠤ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠨᠡᠨᠬᠦ ᠴᠢᠬᠤᠯᠠ ᠲᠠᠢ ᠨᠢᠭᠡᠴᠡ ᠪᠤᠶᠤ ᠬᠤᠪᠢ ᠬᠥᠮᠥᠨ᠂ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠢ᠂ ᠵᠥᠪᠰᠢᠶᠡᠷᠡᠯ ᠦᠭᠡᠢ ᠪᠠᠷ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠵᠦ ᠪᠣᠯᠬᠤ ᠦᠭᠡᠢ᠃ ᠭᠤᠷᠪᠠᠳᠤᠭᠠᠷ ᠳᠡᠰ  ᠠᠴᠠ ᠳᠡᠭᠡᠭᠰᠢᠬᠢ ᠰᠠᠯᠬᠢᠨ ᠤ ᠬᠦᠴᠦᠨ ᠲᠠᠢ ᠴᠠᠭ ᠠᠭᠤᠷ ᠲᠤ ᠪᠣᠶ ᠪᠦᠬᠦᠢ ᠣᠶᠢᠲᠤ ᠭᠠᠵᠠᠷ ᠵᠢᠴᠢ ᠣᠶᠢᠲᠤ ᠭᠠᠵᠠᠷ  ᠠᠴᠠ 100 ᠮᠧᠲᠷ ᠤᠨ ᠵᠠᠶᠢᠲᠠᠢ ᠪᠠᠶᠢᠬᠤ ᠬᠡᠪᠴᠢᠶᠡᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ ᠲᠤᠳᠦᠮ ᠤᠨ ᠬᠡᠷᠡᠭᠯᠡᠭᠡᠨ ᠤ ᠭᠠᠯ ᠳᠤ ᠡᠷᠬᠡᠪᠰᠢ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠴᠢᠳᠬᠤᠬᠤ  ᠨᠦᠬᠡ ᠵᠡᠷᠭᠡ ᠶᠢ ᠭᠠᠷᠭᠠᠬᠤ ᠬᠡᠷᠡᠭᠲᠡᠢ᠂ ᠭᠠᠯ ᠭᠠᠷᠠᠭ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠠᠯ ᠢ ᠰᠡᠷᠭᠡᠶᠢᠯᠡᠬᠦ ᠲᠤᠰᠠᠭᠠᠷᠯᠠᠬᠤ ᠣᠷᠣᠨ ᠤ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃       (ᠳᠥᠷᠪᠡ ) ᠭᠠᠯ ᠤᠨᠲᠠᠷᠠᠭᠠᠬᠤ ᠶᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ  ᠵᠢᠩᠬᠢᠨᠢ ᠰᠤᠮᠤᠨ ᠤ ᠰᠣᠷᠢᠯᠲᠠ ᠬᠢᠬᠦ᠂ ᠳᠡᠯᠪᠡᠴᠢᠬᠦ ᠵᠡᠷᠭᠡ ᠠᠵᠢᠯ ᠬᠢᠬᠦ ᠴᠢᠬᠤᠯᠠ ᠲᠠᠢ ᠪᠣᠯ ᠡᠷᠬᠡᠪᠰᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠲᠤᠬᠠᠢ ᠶᠢᠨ ᠭᠠᠵᠠᠷ ᠤᠨ ᠭᠠᠯ ᠤᠨᠲᠠᠷᠠᠭᠠᠬᠤ ᠶᠢ ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠲᠠᠢ ᠬᠠᠮᠵᠢᠯᠴᠠᠨ ᠭᠠᠯ ᠤᠨᠲᠠᠷᠠᠭᠠᠬᠤ ᠶᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠢ᠃       ︵ᠲᠠᠪᠤ︶ ᠴᠢᠩᠭ᠎ᠠ ᠰᠡᠷᠭᠡᠶᠢᠯᠡᠯᠲᠡ ᠶᠢᠨ ᠣᠷᠣᠨ ᠢᠶᠠᠷ ᠥᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠵᠡᠷᠭᠡ ᠳᠤ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠠᠰᠢ ᠴᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠰᠠᠭᠤᠳᠠᠯ ᠤᠨ ᠠᠵᠢᠯᠲᠠᠨ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠭᠠᠯ ᠤᠨ ᠲᠥᠷᠥᠯ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃       ︵ᠵᠢᠷᠭᠤᠭ᠎ᠠ︶ ᠡᠯ᠎ᠡ ᠭᠠᠵᠠᠷ ᠤᠨ ᠬᠢᠨ ︽ᠲᠡᠨᠡᠭ᠂ ᠲᠡᠨᠡᠭ᠂ ᠳᠦᠯᠡᠢ᠂ ᠶᠠᠪᠠ᠂ ᠰᠣᠬᠤᠷ︾ ᠵᠡᠷᠭᠡ ᠣᠨᠴᠣᠭᠤᠢ ᠬᠥᠮᠥᠰ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠡᠷᠭᠡ ᠨᠠᠰᠤᠨ ᠳᠤ ᠥᠯᠥ ᠭᠦᠷᠦᠭᠰᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠡᠭᠰᠡᠨ ᠪᠠᠶᠢᠪᠠᠯ᠂ ᠬᠠᠮᠢᠶ᠎ᠠ ᠪᠦᠬᠦᠢ ᠬᠠᠷᠠᠭᠠᠯᠵᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃       ︵ᠳᠣᠯᠤᠭ᠎ᠠ︶ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠤᠬᠠᠮᠰᠠᠷ  ᠠᠴᠠ ᠪᠠᠨ ᠭᠦᠢᠴᠡᠳᠬᠡᠵᠦ᠂ ᠣᠯᠠᠨ ᠲᠦᠮᠡᠨ ᠢ ᠤᠬᠠᠭᠤᠯᠤᠨ ᠬᠥᠮᠥᠵᠢᠭᠦᠯᠵᠦ ᠪᠠᠶᠢᠭᠠᠳ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ︵ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠲᠦᠭᠰᠢᠭᠦᠷᠢ ᠮᠡᠳᠡᠭᠡᠯᠡᠬᠦ ᠳ᠋ᠢᠶᠠᠩᠬᠤᠸᠠ᠄ 12119︶᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠡᠳ ᠲᠦᠭᠰᠢᠭᠦᠷᠢ ᠮᠡᠳᠡᠭᠦᠯᠬᠦ ᠳᠤ ᠨᠥᠬᠦᠴᠡᠯ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠬᠤ ᠬᠡᠷᠡᠭᠲᠡᠢ᠃       ︵ᠨᠠᠢᠮᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠪᠣᠭᠤᠮᠲᠠ ᠪᠠᠶᠢᠷᠢᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠵᠤ ᠭᠠᠷᠬᠤ ᠭᠠᠵᠠᠷ ᠲᠤ ᠪᠠᠶᠢᠴᠠᠭᠠᠬᠤ ᠥᠷᠲᠡᠭᠡ ᠴᠢᠭ᠋ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠪᠠᠶᠢᠭᠤᠯᠵᠤ᠂ ᠭᠠᠯ ᠤᠨ ᠢᠷᠡᠯᠲᠡ ᠶᠢᠨ ᠭᠠᠯ ᠤᠨ ᠲᠥᠷᠥᠯ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠵᠤ᠂ ᠣᠷᠣᠵᠤ ᠭᠠᠷᠬᠤ ᠲᠡᠷᠭᠡ ᠬᠥᠰᠬᠡ ᠪᠠ ᠬᠥᠮᠥᠰ ︽ᠭᠠᠯ ᠰᠡᠷᠭᠡᠶᠢᠯᠡᠬᠦ ᠨᠣᠮᠧᠷ︾ ᠢ ᠱᠦᠭᠦᠷᠳᠡᠨ ᠦᠨᠡᠨ ᠨᠡᠷ᠎ᠡ ᠪᠠᠷ ᠢᠶᠠᠨ ᠳᠡᠩᠰᠡᠯᠡᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ᠂ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠪᠠᠶᠢᠴᠠᠭᠠᠬᠤ ᠶᠢ ᠬᠠᠷᠰᠢᠯᠠᠵᠤ᠂ ᠪᠠᠶᠢᠴᠠᠭᠠᠬᠤ ᠶᠢ ᠲᠡᠪᠴᠢᠵᠦ ᠪᠣᠯᠬᠤ ᠦᠭᠡᠢ᠃       ᠳᠡᠭᠡᠷᠡᠬᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠬᠤ ᠶᠢᠨ ᠬᠠᠮᠲᠤ ᠢᠯᠡ ᠪᠠᠷ ᠵᠠᠷᠯᠠᠨ ᠨᠡᠶᠢᠲᠡᠯᠡᠵᠦ ᠢᠯᠡ ᠨᠡᠶᠢᠲᠡᠯᠡᠨ᠎ᠡ︔ ᠠᠯᠪᠠᠨ ᠲᠤᠰᠢᠶᠠᠯᠲᠠᠨ ᠤ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ ᠬᠤᠯᠪᠣᠭᠳᠠᠭᠰᠠᠨ ᠰᠦᠪᠡᠭᠴᠢ ᠶᠢ ᠳᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠠᠭ ᠲᠤᠬᠠᠢ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠳᠥᠷᠪᠡ᠂ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ︽ᠲᠣᠥᠷᠵᠢᠭᠤᠯᠤᠭᠰᠠᠨ︾ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠪᠣᠯᠣᠨ ᠭᠠᠴᠠᠭ᠎ᠠ ᠲᠣᠰᠬᠤᠨ ᠨᠤᠭᠤᠳ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠬᠡᠷᠡᠭᠲᠡᠢ᡾︔ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠦᠷᠢᠯᠳᠦᠭᠦᠨ ᠨᠢᠭᠡᠴᠡ ᠨᠦᠭᠦᠳ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠬᠡᠷᠡᠭᠲᠡᠢ︔ ᠣᠶ ᠰᠢᠭᠤᠢ ᠨᠤᠲᠤᠭ ᠪᠡᠯᠴᠢᠭᠡᠷ ᠤᠨ ᠡᠵᠡᠩᠨᠡᠯᠲᠡ ᠶᠢᠨ ᠨᠢᠭᠡᠴᠡ ᠨᠢ ᠭᠠᠯ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ︔ ᠤᠢ ᠰᠢᠭᠤᠢ ᠬᠠᠮᠠᠭᠠᠯᠠᠭᠴᠢ᠂ ᠡᠪᠡᠰᠦᠨ ᠤ ᠬᠠᠮᠢᠶᠠᠷᠤᠭᠴᠢ᠂ ᠬᠠᠤᠯᠢ ᠬᠡᠷᠡᠭᠵᠢᠭᠦᠯᠬᠦ ᠠᠵᠢᠯᠲᠠᠳ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠲᠠᠨ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠭᠦᠢᠴᠡᠳᠬᠡᠬᠦ ᠬᠡᠷᠡᠭᠲᠡᠢ᠃       ᠲᠠᠪᠤ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠢᠳᠡᠪᠬᠢᠲᠡᠢ ᠪᠠᠷ ᠤᠰᠠᠳᠬᠠᠬᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ︾ ᠴᠢᠭᠯᠡᠯᠲᠡ ᠶᠢ ᠪᠠᠷᠢᠮᠲᠠᠯᠠᠨ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠬᠥᠳᠡᠭᠡ ᠲᠣᠰᠬᠤᠨ ᠤ ᠬᠤᠶᠠᠷ ᠱᠠᠲᠤᠨ ᠤ ᠺᠠᠳ᠋ᠷ᠂ ᠣᠶ ᠰᠢᠭᠤᠢ ᠬᠠᠮᠠᠭᠠᠯᠠᠭᠴᠢ ᠶᠢ ᠭᠦᠢᠴᠡᠳ ᠳᠠᠶᠢᠴᠢᠯᠠᠨ ᠠᠶᠢᠯ ᠲᠣᠰᠬᠤᠨ ᠳᠤ ᠣᠴᠢᠭᠤᠯᠵᠤ᠂ ᠥᠷᠭᠡᠨ ᠣᠯᠠᠨ ᠲᠦᠮᠡᠨ ᠳᠤ ᠬᠠᠨᠳᠤᠭᠤᠯᠤᠨ ᠤᠬᠠᠭᠤᠯᠵᠤ᠂ ᠪᠥᠬᠦ ᠲᠠᠯ᠎ᠠ ᠪᠠᠷ᠂ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃       ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠭᠠᠯ ᠰᠡᠷᠭᠡᠶᠢᠯᠡᠨ ᠤᠨᠲᠠᠷᠠᠭᠠᠬᠤ ᠡᠳ᠋ ᠪᠠᠷᠠᠭ᠎ᠠ ᠶᠢ ᠤᠷᠢᠳᠴᠢᠯᠠᠨ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠡᠳᠦᠷ ᠲᠤᠲᠤᠮ ᠤᠨ ᠪᠣᠯᠪᠠᠰᠤᠷᠠᠭᠤᠯᠤᠯ ᠰᠣᠷᠢᠯᠲᠠ ᠶᠢ ᠴᠢᠩᠭᠠᠳᠬᠠᠬᠤ ᠬᠡᠷᠡᠭᠲᠡᠢ᠃ ᠲᠡᠷᠭᠡ ᠬᠥᠰᠬᠡ ᠶᠢᠨ ᠲᠣᠨᠣᠭᠯᠠᠯ ᠮᠠᠰᠢᠨ ᠪᠠᠭᠠᠵᠢ ᠶᠢ ᠪᠥᠬᠦ ᠲᠠᠯ᠎ᠠ ᠪᠠᠷ ᠪᠠᠶᠢᠴᠠᠭᠠᠨ ᠬᠠᠮᠠᠭᠠᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠠᠯ ᠰᠡᠷᠭᠡᠶᠢᠯᠡᠬᠦ ᠬᠤᠭᠤᠴᠠᠭᠠᠨ ᠳᠤ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠣᠯᠣᠨ ᠬᠠᠷᠢᠭᠤᠴᠠᠯᠭᠠᠲᠤ ᠨᠢᠭᠡᠴᠡ ᠨᠦᠭᠦᠳ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠮᠡᠳᠡᠭᠦᠯᠬᠦ ᠳᠦᠷᠢᠮ ᠪᠣᠯᠣᠨ ᠰᠢᠰᠲ᠋ᠧᠮᠵᠢᠭᠦᠯᠦᠨ ᠬᠠᠮᠢᠶᠠᠷᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ ᠵᠡᠷᠭᠡ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃       ᠲᠤᠯᠤᠭ᠎ᠠ᠂ ᠪᠤᠰᠤᠳ ᠭᠤᠣᠯᠳᠠᠯᠭ᠎ᠠ ᠲᠠᠢ ᠬᠡᠰᠡᠭ ᠤᠨ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠶᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠵᠢᠯᠤᠭᠤᠳᠬᠤ ᠭᠠᠵᠠᠷ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃                             ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                 2024 ᠣᠨ ᠤ 3 ᠰᠠᠷ᠎ᠠ ᠶᠢᠨ 14  ᠤ ᠡᠳᠦᠷ︵ᠲᠣᠰ ᠮᠠᠲ᠋ᠧᠷᠢᠶᠠᠯ ᠢ ᠢᠯᠡ ᠪᠠᠷ  ᠨᠡᠶᠢᠲᠡᠯᠡᠪᠡ︶ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ