ᠤᠷᠠᠳ ᠤᠨ ᠬᠤᠶᠢᠲᠤ ᠬᠤᠰᠢᠭᠤ ᠡᠮ ᠡᠮᠨᠡᠯᠬᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠬᠦᠯᠵᠢᠯᠠᠨ ᠴᠢᠩᠭ᠎ᠠ ᠠᠳᠬᠤᠨ᠎ᠠ
ᠨᠡᠶᠢᠲᠡᠯᠡᠭᠰᠡᠨ ᠴᠠᠭ᠄
2024/4/22
      ᠤᠷᠠᠳ ᠤᠨ ᠬᠤᠶᠢᠲᠤ ᠬᠤᠰᠢᠭᠤ ᠤᠯᠠᠨ ᠨᠡᠶᠢᠲᠡ ᠶᠢᠨ ᠦᠨᠳᠦᠰᠦᠨ ᠡᠮ ᠡᠮᠨᠠᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠦᠷᠢ᠂ ᠦᠨᠳᠦᠰᠦᠨ ᠡᠮ ᠤᠨ ᠵᠦᠢᠯ ᠤᠨ ᠨᠥᠬᠦᠪᠦᠷᠢ ᠶᠢᠨ ᠤᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠤ ᠡᠮ ᠡᠮᠨᠡᠯᠭᠡ ᠶᠢᠨ ᠦᠢᠯᠡᠴᠢᠯᠡᠭᠡ ᠶᠢ ᠣᠶᠢᠷ᠎ᠠ ᠬᠠᠪᠢ ᠳᠠᠭᠠᠨ ᠡᠳ᠋ᠯᠠᠵᠤ ᠪᠤᠯᠬᠤ ᠶᠢ ᠪᠠᠲᠤᠯᠠᠨ᠎ᠠ᠃ 3 ᠰᠠᠷ᠎ᠠ ᠶᠢᠨ 29᠎ ᠤ ᠡᠳᠦᠷ ᠪᠣᠯᠲᠠᠯ᠎ᠠ᠂ ᠲᠥᠪ ᠠᠴᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠦᠷᠢ ᠶᠢᠨ ᠪᠡᠯᠡ ᠮᠥᠩᠭᠦ 334.94 ᠲᠦᠮᠡᠨ ᠲᠥᠭᠦᠷᠢᠭ᠂ ᠦᠨᠳᠦᠰᠦᠨ ᠡᠮ ᠤᠨ ᠵᠦᠢᠯ 43.9 ᠲᠦᠮᠡᠨ ᠲᠥᠭᠦᠷᠢᠭ ᠪᠠᠭᠤᠯᠭᠠᠪᠠ︔ ᠥᠪᠡᠷᠲᠡᠭᠡᠨ ᠵᠠᠰᠠᠬᠤ ᠣᠷᠣᠨ ᠠᠴᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠦᠷᠢ ᠶᠢᠨ ᠪᠡᠯᠡ ᠮᠥᠩᠭᠦ 62.48 ᠲᠦᠮᠡᠨ ᠲᠥᠭᠦᠷᠢᠭ᠂ ᠦᠨᠳᠦᠰᠦᠨ ᠡᠮ ᠤᠨ ᠵᠦᠢᠯ 37.73 ᠲᠦᠮᠡᠨ ᠲᠥᠭᠦᠷᠢᠭ ᠪᠠᠭᠤᠯᠭᠠᠪᠠ︔ ᠬᠤᠲᠠ ᠶᠢᠨ ᠱᠠᠲᠤᠨ ᠠᠴᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠦᠷᠢ ᠪᠡᠯᠡ ᠮᠥᠩᠭᠦ ᠶᠢ 5.9 ᠲᠦᠮᠡᠨ ᠲᠥᠭᠦᠷᠢᠭ ᠪᠠᠭᠤᠯᠭᠠᠪᠠ︔ ᠬᠤᠰᠢᠭᠤᠨ ᠤ ᠲᠣᠰ ᠱᠠᠲᠤᠨ ᠤ ᠢᠵᠢ ᠪᠦᠷᠢᠳᠦᠭᠦᠯᠦᠭᠰᠡᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠦᠷᠢ ᠶᠢᠨ ᠪᠡᠯᠡ ᠮᠥᠩᠭᠦ 27.14 ᠲᠦᠮᠡᠨ ᠲᠥᠭᠦᠷᠢᠭ᠂ ᠦᠨᠳᠦᠰᠦᠨ ᠡᠮ ᠤᠨ ᠵᠦᠢᠯ 30.5 ᠲᠦᠮᠡᠨ ᠲᠥᠭᠦᠷᠢᠭ ᠪᠣᠯᠣᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 2018 ᠣᠨ ᠳᠤ 55 ᠲᠥᠭᠦᠷᠢᠭ ᠪᠠᠶᠢᠭᠰᠠᠨ ᠠᠴᠠ 2024 ᠣᠨ ᠳᠤ 94 ᠲᠥᠭᠦᠷᠢᠭ ᠪᠣᠯᠭᠠᠨ ᠳᠡᠭᠡᠭᠰᠢᠯᠡᠭᠦᠯᠪᠡ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ