4 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠡᠷᠬᠢᠨ ᠪᠠᠶᠠᠨᠪᠤᠯᠠᠭ ᠪᠠᠯᠭᠠᠰᠤᠨ ᠤ ᠲᠤᠸᠠᠨ | ᠵᠢᠶᠧ ᠲᠣᠰᠬᠤᠨ᠂ ᠳ᠋ᠦᠩ ᠱᠧᠩ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠪᠠ ᠤᠰᠤᠨ ᠤ ᠡᠬᠢ ᠪᠠᠶᠠᠯᠢᠭ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ | | ᠪᠦᠯᠬᠦᠮᠳᠡᠯ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠡᠷᠬᠢᠨ ᠪᠠᠯᠭᠠᠰᠤ ᠲᠣᠰᠬᠤᠨ ᠤ ᠺᠠᠳ᠋ᠷ᠂ | ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠢᠶᠠᠨ ᠭᠠᠵᠠᠷ ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠤᠰᠤ ᠵᠠᠯᠠᠵᠤ | ᠤᠰᠤ ᠠᠷᠪᠢᠯᠠᠬᠤ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠰᠬᠤᠨ ᠤ ᠺᠠᠳ᠋ᠷ ᠲᠠᠢ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠪᠠ ᠬᠠᠮᠢᠶ᠎ᠠ ᠪᠦᠬᠦᠢ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠪᠠ᠃ ᠲᠡᠷᠡ ᠵᠢᠭᠠᠵᠤ | ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | ᠰᠤᠮᠤ ᠪᠠᠯᠭᠠᠰᠤ ᠪᠣᠯᠣᠨ ᠲᠠᠷᠢᠶᠠᠯᠠᠩ ᠤᠨ ᠰᠢᠨᠵᠢᠯᠡᠬᠦ ᠤᠬᠠᠭᠠᠨ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠨᠢᠮᠪᠠᠢ ᠭᠦᠢᠴᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠵᠢᠷᠤᠵᠤ ᠲᠥᠯᠥᠪᠯᠡᠬᠦ᠂ ᠪᠠᠷᠢᠯᠭ᠎ᠠ | ᠪᠠᠷᠢᠬᠤ᠂ ᠪᠠᠶᠢᠴᠠᠭᠠᠬᠤ᠂ ᠰᠢᠯᠭᠠᠨ ᠠᠪᠬᠤ ᠵᠡᠷᠭᠡ ᠵᠠᠩᠭᠢᠯᠠᠭ᠎ᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠴᠢᠨᠠᠷ ᠰᠠᠶᠢᠲᠠᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠶᠢᠨ ᠬᠠᠮᠲᠤ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠬᠠᠮᠢᠶᠠᠷᠤᠨ | ᠬᠠᠮᠠᠭᠠᠯᠠᠬᠤ ᠲᠥᠰᠥᠯ ᠪᠣᠯᠣᠨ ᠠᠵᠢᠯᠯᠠᠭᠠᠨ ᠤ ᠲᠣᠭᠲᠠᠴᠠ ᠶᠢ ᠤᠷᠢᠳᠴᠢᠯᠠᠨ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ | ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ᠂ ᠦᠷ᠎ᠡ ᠠᠰᠢᠭ ᠢ ᠨᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠠᠳᠤᠨ ᠭᠤᠣᠯ ᠤᠨ ᠤᠰᠤ ᠶᠢ ᠵᠠᠯᠠᠵᠤ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ | ᠨᠢᠭᠡ ᠴᠣᠭᠴᠠᠵᠢᠭᠤᠯᠬᠤ ᠵᠡᠷᠭᠡ ᠤᠰᠤ ᠠᠷᠪᠢᠯᠠᠵᠤ ᠤᠰᠤᠯᠠᠯᠳᠠ ᠶᠢ ᠬᠢᠵᠠᠭᠠᠷᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠵᠤ | ᠤᠰᠤᠯᠠᠯᠳᠠ ᠶᠢ ᠬᠢᠵᠠᠭᠠᠷᠯᠠᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠢ ᠬᠡᠪᠠ᠃ | ᠳ᠋ᠦᠩ ᠱᠧᠩ ᠲᠣᠰᠬᠤᠨ ᠤ ᠥᠨᠳᠥᠷ ᠪᠦᠲᠦᠮᠵᠢᠲᠡᠢ ᠤᠰᠤ ᠠᠷᠪᠢᠯᠠᠬᠤ ᠢᠨᠵᠧᠨᠧᠷᠢᠩ ᠤᠨ ᠲᠦᠷᠦᠯ ᠵᠦᠢᠯ ᠤᠨ ᠲᠣᠭᠤᠷᠢᠭ ᠲᠤ᠂ ᠡᠷᠬᠢᠨ ᠨᠠᠭᠤᠷ | ᠴᠦᠬᠦᠷᠤᠮ ᠤᠨ ᠴᠡᠪᠡᠷᠰᠢᠬᠦᠯᠤᠯᠳᠠ᠂ ᠦᠶᠡᠷ ᠤᠨ ᠬᠠᠰᠢᠯᠭ᠎ᠠ ᠵᠢᠴᠢ ᠣᠶᠤᠨᠲᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠬᠥᠭᠡᠷᠭᠡ ᠶᠢᠨ ᠦᠷᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠵᠢᠱᠢᠭᠰᠡᠨ ᠦᠷ᠎ᠡ ᠪᠦᠲᠦᠮᠵᠢ᠂ ᠳᠤᠰᠤᠯᠭᠠᠨ ᠤᠰᠤᠯᠠᠬᠤ ᠶᠢ ᠠᠦ᠋ᠲ᠋ᠣᠴᠢᠯᠠᠨ ᠠᠵᠢᠯᠯᠠᠭᠤᠯᠬᠤ ᠵᠡᠷᠭᠡ ᠶᠢ ᠨᠠᠷᠢᠨ | ᠣᠶᠢᠯᠠᠭᠠᠪᠠ᠃ ᠳᠤᠰ ᠢᠨᠵᠧᠨᠧᠷᠢᠩ ᠨᠢ ᠮᠠᠨ ᠤ ᠬᠤᠰᠢᠭᠤᠨ ᠤ ᠬᠠᠳᠤᠨ ᠭᠤᠣᠯ ᠤᠨ ᠤᠰᠤ ᠶᠢ ᠲᠠᠲᠠᠵᠤ ᠳᠤᠰᠤᠯᠭᠠᠬᠤ ᠬᠤᠭᠤᠯᠠᠢ ᠶᠢᠨ ᠲᠤᠷᠰᠢᠯᠲᠠ ᠶᠢᠨ | ᠴᠡᠭ ᠤᠨ ᠳᠦᠷᠦᠯ ᠵᠦᠢᠯ ᠪᠤᠯᠬᠤ ᠶᠤᠮ᠂ ᠡᠨᠠ ᠨᠢ ᠤᠲᠤ ᠪᠠᠶᠢᠭ᠎ᠠ ᠤᠰᠤᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠤᠰᠤ ᠠᠷᠪᠢᠯᠠᠬᠤ᠂ ᠪᠣᠷᠳᠣᠭᠤᠷ | ᠠᠷᠪᠢᠯᠠᠬᠤ᠂ ᠬᠥᠮᠥᠨ ᠤ ᠬᠦᠴᠦ ᠶᠢ ᠠᠷᠪᠢᠯᠠᠬᠤ ᠶᠢᠨ ᠬᠠᠮᠲᠤ ᠭᠠᠷᠤᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ | ᠬᠠᠷᠠᠯᠲᠠ ᠳᠤ ᠬᠦᠷᠴᠦ᠂ ᠪᠦᠭᠦ ᠬᠤᠰᠢᠭᠤᠨ ᠤ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢ ᠠᠬᠢᠭᠤᠯᠬᠤ ᠳᠤ ᠵᠢᠱᠢᠶ᠎ᠡ ᠦᠵᠡᠭᠦᠯᠦᠨ᠂ | ᠲᠠᠶᠢᠴᠢᠯᠠᠨ ᠲᠠᠭᠠᠭᠤᠯᠬᠤ ᠦᠢᠯᠡᠳᠦᠯ ᠦᠵᠡᠭᠦᠯᠬᠦ ᠶᠤᠮ ᠬᠡᠪᠠ᠃ | | | |