4 ᠰᠠᠷ᠎ᠠ ᠶᠢᠨ 12 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ 2024 ᠣᠨ ᠤ ︽ᠤᠮᠠᠷᠠᠲᠤ ᠶᠢᠨ ᠭᠤᠷᠪᠠᠨ ᠣᠷᠤᠨ ᠤ ᠢᠨᠵᠧᠨᠧᠷᠢᠩ︾ ᠤᠨ | ᠡᠯᠡᠰᠦᠨ ᠳᠣᠪᠤ ᠶᠢ ᠵᠠᠰᠠᠬᠤ ᠲᠥᠷᠥᠯ ᠵᠦᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠠᠨ ᠬᠠᠶ ᠲᠣᠰᠬᠤᠨ ᠤ ᠡᠮᠦᠨ᠎ᠡ ᠶᠡᠭᠡ ᠬᠠᠰᠢᠯᠭ᠎ᠠ ᠶᠢᠨ | ᠳᠤᠭᠤᠶᠢᠯᠠᠩ ᠤᠨ ᠡᠯᠡᠰᠦᠨ ᠳᠣᠪᠤ ᠶᠢᠨ ᠬᠡᠰᠡᠭ ᠲᠤ ᠶᠠᠪᠤᠭᠳᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠪᠣᠯᠤᠨ | ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ 50 ᠭᠠᠷᠤᠶ ᠪᠠᠶᠢᠭᠤᠯᠭ᠎ᠠ ᠰᠠᠯᠠᠭ᠎ᠠ ᠮᠥᠴᠢᠷ ᠤᠨ 530 ᠭᠠᠷᠤᠶ ᠺᠠᠳ᠋ᠷ ᠠᠵᠢᠯᠲᠠᠨ᠂ ᠰᠠᠶᠢᠨ | ᠳᠤᠷᠠᠴᠤᠳ ᠮᠣᠳᠣ ᠲᠠᠷᠢᠬᠤ ᠠᠵᠢᠯᠯᠠᠭ᠎ᠠ ᠳᠤ ᠣᠷᠤᠯᠴᠠᠪᠠ᠃ | ᠮᠣᠳᠣ ᠲᠠᠷᠢᠬᠤ ᠲᠤᠬᠠᠶ ᠶᠢᠨ ᠲᠠᠯᠠᠪᠠᠢ ᠳᠤ ᠬᠥᠷ ᠬᠥᠭᠵᠢᠶᠡᠨ ᠲᠠᠢ ᠬᠦᠳᠡᠯᠮᠦᠷᠢᠯᠡᠬᠦ ᠦᠵᠡᠭᠳᠡᠯ ᠬᠠᠷᠠᠭᠳᠠᠵᠤ᠂ ᠰᠣᠶᠣᠯᠲᠤ ᠵᠡᠷᠭᠡ ᠬᠤᠰᠢᠭᠤᠨ ᠤ | ᠤᠳᠤᠷᠢᠳᠤᠯᠭ᠎ᠠ ᠺᠠᠳ᠋ᠷ ᠤᠯᠠᠨ ᠲᠦᠮᠡᠨ ᠲᠠᠢ ᠬᠠᠮᠲᠤ ᠨᠢᠭᠡ ᠰᠠᠭᠤᠷᠢ ᠰᠠᠭᠤᠷᠢ ᠴᠢᠬᠢ ᠮᠣᠳᠣ ᠢ ᠵᠠᠶᠢᠯᠠᠵᠤ᠂ ᠮᠠᠨ ᠤ ᠬᠤᠰᠢᠭᠤ ᠪᠠᠨ ᠨᠣᠭᠤᠭᠠᠨ ᠦᠩᠭᠡ ᠪᠠᠷ ᠴᠢᠮᠡᠪᠡ | ᠃ | ᠣᠶᠢᠯᠠᠭᠠᠭᠰᠠᠨ ᠢᠶᠠᠷ᠂ ᠲᠣᠰ ᠤᠳᠠᠭ᠎ᠠ 10000 ᠭᠠᠷᠤᠶ ᠰᠠᠭᠤᠷᠢ ᠴᠢᠬᠢ ᠮᠣᠳᠣ ᠳᠠᠷᠢᠵᠤ᠂ ᠲᠠᠷᠢᠭᠰᠠᠨ ᠲᠦᠷᠦᠯ ᠵᠦᠢᠯ ᠳᠤ ᠰᠢᠨᠵᠢᠶᠠᠩ ᠤᠨ ᠴᠢᠪᠠᠭ᠎ᠠ᠂ | ᠠᠯᠢᠮ᠎ᠠ ᠬᠠᠳ ᠵᠡᠷᠭᠡ ᠪᠠᠶᠢᠵᠤ᠂ ᠲᠠᠷᠢᠭᠰᠠᠨ ᠲᠠᠯᠠᠪᠠᠢ ᠨᠢ 120 ᠭᠠᠷᠤᠶ ᠮᠥ ᠳᠤ ᠬᠦᠷᠴᠠᠢ᠃ ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠪᠠᠷ ᠳᠡᠮᠵᠢᠨ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ᠂ ᠨᠣᠭᠤᠭᠠᠷᠠᠭᠤᠯᠤᠯᠲᠠ ᠶᠢ ᠬᠠᠮᠢᠶᠠᠷᠬᠤ᠂ | ᠨᠣᠭᠤᠭᠠᠷᠠᠭᠤᠯᠤᠯᠲᠠ ᠶᠢ ᠬᠡᠷᠡᠭᠯᠡᠬᠦ᠂ ᠨᠣᠭᠤᠭᠠᠷᠠᠭᠤᠯᠤᠯᠲᠠ ᠶᠢ ᠠᠮᠢᠯᠠᠭᠤᠯᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠯᠪᠠᠨ ᠵᠢᠷᠤᠮ ᠤᠨ | ᠮᠣᠳᠣ ᠳᠠᠷᠢᠬᠤ ᠰᠢᠷᠢᠰ ᠠᠵᠢᠯᠯᠠᠭ᠎ᠠ ᠶᠢ ᠥᠷᠨᠢᠭᠦᠯᠬᠦ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠪᠡ᠃ | ︽ᠮᠠᠨ ᠤ ᠬᠤᠰᠢᠭᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠢ | ᠨᠣᠭᠤᠭᠠᠷᠠᠭᠤᠯᠤᠯᠲᠠ ᠪᠠᠷ ᠭᠠᠷᠳᠠᠴᠠ ᠪᠣᠯᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠳᠤᠨ ᠭᠤᠣᠯ ᠤᠨ ᠶᠡᠭᠡ ᠲᠣᠬᠤᠢ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠮᠣᠳᠣ ᠳᠠᠷᠢᠵᠤ ᠣᠶᠢᠵᠢᠭᠤᠯᠬᠤ ᠠᠵᠢᠯ ᠢ ᠰᠠᠶᠢᠲᠤᠷ ᠥᠷᠨᠢᠭᠦᠯᠬᠦ ᠶᠢᠨ ᠬᠠᠮᠲᠤ᠂ | ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠴᠤ ᠮᠣᠳᠣ ᠳᠠᠷᠢᠵᠤ ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ ᠬᠥᠭᠵᠢᠭᠦᠯᠦᠨ | ᠮᠠᠨᠳᠤᠭᠤᠯᠬᠤ ᠡᠩᠨᠡᠭᠡᠨ ᠳᠤ ᠢᠳᠡᠪᠬᠢᠲᠡᠶ ᠣᠷᠣᠯᠴᠠᠵᠤ᠂ ᠮᠣᠳᠣ ᠳᠠᠷᠢᠵᠤ ᠨᠣᠭᠤᠭᠠᠷᠠᠭᠤᠯᠬᠤ᠂ ᠨᠤᠭᠤᠭᠠᠷᠠᠭᠤᠯᠤᠯᠲᠠ ᠶᠢ ᠬᠠᠮᠠᠭᠠᠯᠠᠬᠤ ᠦᠢᠯᠡᠳᠦᠯᠭᠡᠵᠢᠭᠦᠯᠦᠭᠴᠢ | ᠪᠣᠯᠬᠤ ᠪᠠᠷ ᠴᠢᠷᠮᠠᠶᠢᠵᠤ᠂ ᠨᠤᠲᠤᠭ ᠤᠰᠤᠨ ᠳᠠᠭᠠᠨ ᠨᠢᠭᠡ ᠰᠠᠭᠤᠷᠢ ᠮᠣᠳᠣ ᠳᠠᠷᠢᠵᠤ᠂ ᠡᠬᠡ ᠭᠠᠵᠠᠷ ᠲᠤ ᠨᠢᠭᠡ ᠬᠡᠰᠡᠭ ᠨᠣᠭᠤᠭᠠᠨ ᠥᠩᠭᠡ ᠨᠡᠮᠡᠷᠢᠯᠡᠪᠡ︾ ᠭᠡᠵᠦ | ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠵᠣᠣ ᠭᠦᠸᠧ ᠴᠧᠨ ᠬᠡᠯᠡᠪᠡ᠃ | ᠲᠣᠰ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠲᠣᠮᠣ ᠬᠡᠯᠪᠡᠷᠢ ᠶᠢᠨ ᠠᠵᠢᠯᠯᠠᠭ᠎ᠠ ᠨᠢ ᠪᠠᠰᠠ ᠬᠡᠰᠡᠭ ᠰᠤᠮᠤ ᠪᠠᠯᠭᠠᠰᠤ᠂ ᠭᠠᠴᠠᠭ᠎ᠠ ᠲᠣᠰᠬᠤᠨ᠂ | ᠦᠢᠯᠡᠳᠪᠦᠷᠢ ᠠᠭᠤᠷᠬᠠᠶ ᠠᠵᠤ ᠠᠬᠤᠶᠢᠯᠠᠯ ᠵᠡᠷᠭᠡ ᠳᠤ ᠬᠤᠪᠢᠶᠠᠷᠢ ᠲᠠᠯᠠᠪᠠᠶ ᠭᠠᠷᠭᠠᠵᠤ᠂ ᠨᠡᠶᠢᠲᠡ 2600 ᠭᠠᠷᠤᠶ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠳᠠᠶᠢᠴᠢᠯᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠤᠯᠵᠤ᠂ ᠨᠡᠶᠢᠲᠡ 2.3 ᠲᠦᠮᠡ ᠭᠠᠷᠤᠶ ᠰᠠᠭᠤᠷᠢ ᠴᠢᠬᠢ ᠮᠣᠳᠣ ᠳᠠᠷᠢᠵᠤ᠂ ︽ | ᠨᠣᠭᠤᠭᠠᠷᠠᠭᠤᠯᠬᠤ᠂ ᠨᠤᠭᠤᠭᠠᠷᠠᠭᠤᠯᠤᠯᠲᠠ ᠶᠢ ᠬᠠᠮᠠᠭᠠᠯᠠᠬᠤ᠂ ᠨᠤᠭᠤᠭᠠᠷᠠᠭᠤᠯᠤᠯᠲᠠ ᠶᠢ ᠬᠦᠭᠵᠢᠭᠦᠯᠬᠦ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠲᠤ ᠴᠢᠩᠭ᠎ᠠ ᠪᠠᠬᠢᠯᠡᠯᠲᠡ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠠᠮᠢ ᠠᠬᠤᠶ ᠶᠢᠨ ︽ | ᠬᠠᠮᠠᠭᠠᠯᠠᠯᠲᠠ ᠶᠢᠨ ᠲᠤᠤᠷ︾ ᠢ ᠨᠢᠭᠲᠠ ᠰᠦᠯᠵᠢᠬᠦ ᠳᠤ ᠪᠠᠲᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | | | |