ᠯᠢᠦ ᠰᠢᠶᠠᠩ ᠶᠠᠩ ᠰᠢᠶᠠᠨ ᠤ ᠨᠠᠮ ᠤᠨ ᠬᠤᠷᠢᠶᠠᠨ ᠤ 2024 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 15᠎ ᠤ ᠡᠳᠦᠷ᠂ ᠳ᠋ᠧᠩᠺᠸᠤ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠰᠢᠶᠠᠩ ᠶᠠᠩ ᠰᠢᠶᠠᠨ ᠤ ᠨᠠᠮ ᠤᠨ ᠬᠤᠷᠢᠶᠠᠨ ᠤ 2024 ᠣᠨ ᠤ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃       ᠬᠤᠷᠠᠯ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠪᠦᠬᠦ ᠰᠢᠶᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠠᠵᠢᠯ ᠤᠨ ᠲᠥᠰᠦᠯ︾ ︽ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾᠎ ᠶᠢ ᠰᠤᠳᠤᠯᠤᠨ ᠬᠢᠨᠠᠨ ᠵᠥᠪᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠠᠷᠠᠯᠲᠠ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠩᠰᠢᠨ ᠲᠠᠶᠢᠯᠪᠤᠷᠢᠯᠠᠬᠤ ᠰᠤᠷᠤᠯᠴᠠᠯᠭ᠎ᠠ᠂ ᠰᠡᠷᠡᠮᠵᠢᠯᠡᠭᠦᠯᠬᠦ ᠬᠥᠮᠦᠵᠢᠯ ᠵᠡᠷᠭᠡ ᠠᠵᠢᠯ ᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ᠂ ︽ᠵᠢᠷᠭᠤᠭᠠᠨ ᠢᠨᠵᠧᠨᠧᠷᠢᠩ︾ ᠎ ᠢ ᠠᠬᠢᠭᠤᠯᠬᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠬᠦ ᠵᠡᠷᠭᠡ ᠠᠵᠢᠯ ᠲᠠᠢ ᠤᠶᠠᠯᠳᠤᠭᠤᠯᠵᠤ᠂ ᠪᠣᠳᠠᠲᠠᠢ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠠᠵᠢᠯᠯᠠᠭ᠎ᠠ ᠳᠡᠭᠡᠷ᠎ᠡ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃       ᠬᠤᠷᠠᠯ ᠠᠴᠠ ᠵᠢᠭᠠᠵᠤ ᠭᠠᠷᠭᠠᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠭᠦᠨᠵᠡᠭᠡᠶᠢᠷᠡᠭᠦᠯᠬᠦ︾ ᠎ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠬᠡᠷᠡᠭᠲᠡᠢ᠃ ︽ᠣᠨᠣᠪᠴᠢᠲᠠᠢ︾᠎ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠬᠡᠷᠡᠭᠯᠡᠵᠦ᠂ ᠲᠠᠶᠢᠯᠤᠮᠵᠢ ᠬᠢᠵᠦ ᠪᠣᠯᠪᠠᠰᠤᠷᠠᠭᠤᠯᠬᠤ ᠶᠢ ᠴᠢᠩᠭᠠᠳᠬᠠᠬᠤ ᠬᠡᠷᠡᠭᠲᠡᠢ᠃ ︽ᠪᠣᠳᠠᠲᠠᠢ︾᠎ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠪᠦᠲᠦᠮᠵᠢ ᠪᠣᠳᠠᠲᠤ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠢᠯ ᠲᠦᠷᠦᠯ ᠤᠨ ᠰᠢᠰᠲ᠋ᠧᠮ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰ ᠠᠵᠢᠯ ᠲᠦᠷᠦᠯ ᠲᠤᠰ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠠᠬᠢ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠳᠤᠲᠠᠭᠤᠳᠠᠬᠤ ᠦᠭᠡᠢ᠂ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠶ ᠬᠥᠭ ᠠᠶᠠᠰ ᠢ ᠪᠠᠲᠤ ᠡᠵᠡᠮᠰᠢᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠡᠯᠪᠡᠷᠢ ᠶᠢᠨ ᠦᠵᠡᠯ ᠢ ᠦᠷᠭᠦᠯᠵᠢᠯᠡᠨ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠴᠦᠰ ᠤᠨ ᠦᠷ᠎ᠡ ᠪᠦᠲᠦᠮᠵᠢ ᠶᠢ ᠭᠤᠣᠯ ᠠᠵᠢᠯ ᠢ ᠠᠬᠢᠭᠤᠯᠬᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠡᠭᠡᠷ᠎ᠡ ᠢᠯᠡᠷᠡᠭᠦᠯᠵᠦ᠂ ᠬᠤᠶᠠᠷ ᠲᠠᠯ᠎ᠠ ᠪᠠᠷ ᠠᠳᠬᠤᠵᠤ ᠬᠤᠶᠠᠷ ᠲᠠᠯ᠎ᠠ ᠪᠠᠷ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠬᠦ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠲᠦᠯᠬᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠤᠷᠤᠯᠴᠠᠯᠭ᠎ᠠ ᠬᠥᠮᠦᠵᠢᠯ ᠬᠢᠭᠡᠳ ᠡᠳᠦᠷ ᠲᠤᠳᠤᠮ ᠤᠨ ᠠᠵᠢᠯ ᠤᠨ ᠬᠠᠷᠢᠯᠴᠠᠨ ᠠᠬᠢᠭᠤᠯᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠦᠨᠡᠨ ᠬᠦ ᠪᠠᠲᠤᠯᠠᠨ᠎ᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠳ᠋ᠧᠩᠺᠧᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ