ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠪᠠᠲᠤ ᠪᠤᠢ ᠪᠣᠯᠭᠠᠬᠤ ᠶᠢᠨ ᠲᠥᠯᠥᠭᠡ ᠶᠤᠮ᠃ 4 ᠰᠠᠷ᠎ᠠ ᠶᠢᠨ 12᠎ ᠤᠨ ᠡᠳᠦᠷ᠂ ᠦᠶᠤᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ 20 ᠭᠠᠷᠤᠢ ᠬᠥᠮᠥᠨ ᠢ ᠵᠣᠬᠢᠶᠠᠨ ᠪᠠᠶᠢᠭᠤᠯᠵᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠭᠤᠯᠪᠠ᠃       ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠭᠤᠷᠪᠠ ᠲᠠᠪᠤ ᠪᠠᠷ ᠴᠤᠭᠯᠠᠷᠠᠵᠤ᠂ ᠬᠠᠷᠢᠯᠴᠠᠨ ᠬᠠᠮᠵᠢᠯᠴᠠᠵᠤ᠂ ᠬᠦᠴᠢᠷ ᠠᠴᠠ ᠠᠶᠤᠬᠤ ᠦᠭᠡᠢ ᠵᠣᠷᠢᠭ ᠰᠠᠨᠠᠭ᠎ᠠ ᠪᠠᠨ ᠭᠦᠢᠴᠡᠳ ᠪᠠᠳᠠᠷᠠᠭᠤᠯᠵᠤ᠂ ᠮᠣᠳᠣ ᠲᠠᠷᠢᠵᠤ ᠨᠣᠭᠤᠭᠠᠷᠠᠭᠤᠯᠬᠤ ᠶᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠶᠠᠮᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠨᠢᠭᠲᠠ ᠬᠠᠮᠵᠢᠯᠴᠠᠭ᠎ᠠ ᠳᠣᠣᠷ᠎ᠠ᠂ ᠨᠢᠭᠡ ᠰᠠᠭᠤᠷᠢ ᠮᠣᠳᠣ ᠶᠢ ᠲᠡᠷᠢ ᠲᠡᠭᠰᠢ ᠵᠠᠶᠢᠯᠠᠵᠤ᠂ ᠡᠨᠡ ᠬᠦ ᠬᠠᠪᠤᠷ ᠤᠨ ᠤᠯᠠᠷᠢᠯ ᠳᠤ ᠨᠣᠭᠤᠭᠠᠨ ᠦᠵᠡᠮᠵᠢ ᠶᠢᠨ ᠣᠷᠣᠨ ᠢ ᠳᠠᠷᠢᠪᠠ᠃      ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠪᠠᠷ ᠳᠠᠮᠵᠢᠭᠤᠯᠤᠨ᠂ ᠶᠠᠮᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠮᠣᠳᠣ ᠳᠠᠷᠢᠵᠤ ᠣᠶᠢᠵᠢᠭᠤᠯᠬᠤ ᠢᠳᠡᠪᠬᠢᠵᠢᠯ ᠪᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠎ᠡ︔ ᠶᠠᠮᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠭᠡᠷ ᠣᠷᠣᠨ ᠢᠶᠠᠨ ᠨᠣᠭᠤᠭᠠᠷᠠᠭᠤᠯᠬᠤ ᠪᠠ ᠣᠷᠴᠢᠨ ᠠᠬᠤᠢ ᠶᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ ᠂ ᠠᠮᠢ ᠠᠬᠤᠢ ᠶᠢᠨ ᠪᠣᠯᠪᠠᠰᠤᠨ ᠤ ᠰᠠᠭᠤᠷᠢ ᠶᠢ ᠭᠡᠷᠡᠯᠲᠦᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠦᠷᠭᠦᠯᠵᠢᠯᠡᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾᠎ ᠶᠢ ᠦᠢᠯᠡᠳᠦᠯᠭᠡᠵᠢᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠦᠵᠡᠰᠬᠦᠯᠡᠩᠲᠦ ᠰᠠᠶᠢᠬᠠᠨ ᠦᠶᠤᠸᠠᠨ ᠢ ᠪᠦᠲᠦᠭᠡᠨ ᠪᠠᠶᠢᠭᠤᠯᠬᠤ ᠳᠤ ᠵᠣᠬᠢᠶᠠᠨ ᠪᠠᠶᠢᠭᠤᠯᠬᠤ ᠠᠵᠢᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ