ᠦᠶᠤᠸᠠᠨ ᠰᠢᠶᠠᠨ 2024 ᠣᠨ ᠤ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 15᠎ ᠤ ᠡᠳᠦᠷ᠂ 2024 ᠣᠨ ᠤ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠳ᠋ᠦᠩ᠂ ᠣᠶᠤᠨᠳᠠᠯᠠᠢ᠂ ᠬᠤᠤ ᠶᠣᠣ ᠹᠧᠨ᠂ ᠭᠦᠸᠧ ᠯᠢᠶᠠᠨ ᠶᠤᠸᠠᠢ᠂ ᠯᠢᠦ ᠬᠤᠩ ᠬᠤᠤ ᠬᠤᠷᠠᠯ ᠳᠤ ᠣᠷᠣᠯᠴᠠᠪᠠ᠃       ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠰᠢᠶᠠᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠥᠰᠥᠯ︾᠎ ᠢ ᠬᠢᠨᠠᠨ ᠵᠥᠪᠯᠡᠵᠦ ᠪᠠᠲᠤᠯᠠᠨ᠂ ᠪᠥᠬᠦ ᠰᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠠᠮᠤᠭ ᠤᠨ ᠲᠦᠷᠦᠭᠦᠨ ᠤ ᠪᠠᠷᠢᠮᠵᠢᠶ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠴᠠᠭ ᠢᠮᠠᠭᠲᠠ ᠤᠯᠤᠰ ᠲᠦᠷᠦ ᠶᠢᠨ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ᠂ ᠤᠯᠤᠰ ᠲᠥᠷᠥ ᠶᠢᠨ ᠬᠡᠪ ᠴᠢᠨᠠᠷ ᠢ ᠬᠠᠲᠠᠭᠤᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠲᠣᠰ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ᠂ ᠪᠥᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠨᠠᠮᠴᠢ ᠴᠢᠨᠠᠷ ᠤᠨ ᠳᠠᠪᠲᠠᠯᠲᠠ ᠶᠢ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠥᠪᠡᠷ ᠢ ᠪᠠᠨ ᠬᠢᠵᠠᠭᠠᠷᠯᠠᠬᠤ ᠶᠢ ᠦᠨᠳᠦᠰᠦᠨ ᠪᠠᠷᠢᠮᠵᠢᠶ᠎ᠠ ᠪᠠ ᠠᠵᠢᠯ ᠤᠨ ᠬᠡᠪ ᠤᠨ ᠪᠠᠶᠢᠳᠠᠯ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠩᠭᠢᠯᠠᠭ᠎ᠠ ᠶᠢᠨ ᠭᠤᠣᠯᠳᠠᠯᠭ᠎ᠠ ᠶᠢ ᠡᠵᠡᠮᠳᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠣᠨᠣᠯ ᠢ ᠪᠣᠳᠠᠲᠠᠢ ᠲᠠᠢ ᠤᠶᠠᠯᠳᠤᠭᠤᠯᠬᠤ᠂ ᠠᠭᠤᠰᠤᠯᠴᠠᠭᠤᠯᠤᠨ ᠨᠡᠪᠲᠡᠷᠡᠯᠴᠡᠭᠦᠯᠬᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠎ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢ ᠭᠦᠨᠵᠡᠭᠡᠢ ᠰᠢᠰᠲ᠋ᠧᠮ ᠲᠠᠢ ᠰᠠᠶᠢᠲᠤᠷ ᠠᠳᠬᠤᠬᠤ ᠪᠠᠷ ᠳᠠᠮᠵᠢᠭᠤᠯᠤᠨ᠂ ︽ᠳᠦᠷᠢᠮ︾᠎ ᠳᠤ ᠲᠠᠶᠢᠯᠤᠮᠵᠢ ᠬᠢᠵᠦ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠰᠠᠶᠢᠲᠤᠷ ᠥᠷᠨᠢᠭᠦᠯᠵᠦ᠂ ᠬᠠᠨᠳᠤᠯᠭᠠᠲᠤ ᠴᠢᠨᠠᠷᠲᠠᠢ ᠰᠢᠨ᠎ᠡ ᠶᠢ ᠡᠭᠦᠳᠬᠦ ᠠᠷᠭ᠎ᠠ ᠬᠡᠯᠪᠡᠷᠢ ᠶᠢ ᠬᠡᠷᠡᠭᠯᠡᠵᠦ᠂ ᠡᠰᠡᠷᠭᠦ ᠲᠠᠯ᠎ᠠ ᠶᠢᠨ ᠨᠡᠶᠢᠲᠡᠯᠢᠭ ︽ᠠᠮᠢᠳᠤ ᠵᠢᠭᠠᠬᠤ ᠮᠠᠲ᠋ᠧᠷᠢᠶᠠᠯ︾᠎ ᠢ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠬᠢᠨᠠᠨ ᠵᠢᠯᠤᠭᠤᠳᠴᠤ ᠠᠬᠢᠭᠤᠯᠬᠤ᠂ ᠨᠢᠭᠡᠳᠦᠯᠲᠡᠢ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠯᠲᠠ ᠶᠢᠨ ᠠᠬᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ