ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ 10 ᠤ ᠦᠳᠡ ᠶᠢᠨ ᠬᠤᠶᠢᠨ᠎ᠠ ᠪᠡᠭᠡᠵᠢᠩ ᠳᠤ ᠮᠠ ᠶᠢᠩ ᠵᠢᠦ ᠨᠠᠷ ᠲᠠᠢ ᠠᠭᠤᠯᠵᠠᠪᠠ᠃ | | | | 4 ᠰᠠᠷ᠎ᠠ ᠶᠢᠨ 10 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠳᠤ ᠮᠠ ᠶᠢᠩ ᠵᠢᠦ ᠨᠠᠷ ᠲᠠᠢ | ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ᠃ | ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠳᠤᠮᠳᠠᠳᠤ ᠶᠢᠨ ᠦᠨᠳᠦᠰᠦᠲᠡᠨ ᠳᠤ ᠬᠠᠷᠢᠶᠠᠯᠠᠭᠳᠠᠨ᠎ᠠ᠃ | ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠪᠠᠶᠢᠵᠤ᠂ ᠥᠨᠢ ᠤᠳᠠᠭᠠᠨ ᠤᠯᠠᠮᠵᠢᠯᠠᠯ ᠲᠠᠢ᠂ ᠭᠡᠷᠡᠯ ᠰᠠᠴᠤᠷᠠᠩᠭᠤᠢ | ᠪᠥᠭᠡᠳ ᠳᠡᠯᠡᠬᠡᠢ ᠳ᠋ᠠᠬᠢᠨ ᠳᠤ ᠬᠤᠣᠰ ᠦᠭᠡᠢ ᠳᠤᠮᠳᠠᠳᠤ ᠶᠢᠨ ᠪᠣᠯᠪᠠᠰᠤᠨ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠬᠥᠪᠡᠭᠦᠳ ᠥᠬᠢᠳ ᠨᠢᠭᠡ ᠪᠦᠷᠢ | ᠴᠥᠮ ᠡᠭᠦᠨ ᠤ ᠲᠥᠯᠥᠭᠡ ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ ᠤᠷᠲᠤ | ᠤᠳᠠᠭᠠᠨ ᠲᠡᠦᠬᠡᠨ ᠳᠤ ᠦᠶ᠎ᠡ ᠦᠶ᠎ᠡ ᠶᠢᠨ ᠡᠪᠦᠭᠡ ᠳᠡᠭᠡᠳᠦᠰ ᠲᠠᠶᠢᠸᠠᠨ ᠳᠤ ᠨᠡᠭᠦᠳᠡᠯᠯᠡᠨ ᠰᠠᠭᠤᠷᠢᠰᠢᠵᠤ᠂ ᠤᠳᠤᠮ ᠤᠭᠰᠠᠭ᠎ᠠ ᠵᠠᠯᠭᠠᠵᠤ ᠠᠮᠢᠳᠤᠷᠠᠭᠰᠠᠨ ᠢ | ᠲᠡᠮᠳᠡᠭᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂ ᠲᠠᠶᠢᠸᠠᠨ ᠢ ᠰᠡᠷᠭᠦᠭᠡᠨ | ᠮᠠᠨᠳᠤᠭᠤᠯᠤᠭᠰᠠᠨ ᠢ ᠲᠡᠮᠳᠡᠭᠯᠡᠵᠡᠢ᠃ ᠳᠤᠮᠳᠠᠳᠤ ᠶᠢᠨ ᠦᠨᠳᠦᠰᠦᠲᠡᠨ ᠶᠡᠷᠦ ᠠᠴᠠ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠠᠯᠵᠤ ᠪᠣᠯᠣᠰᠢ ᠦᠭᠡᠢ | ᠲᠡᠦᠬᠡ ᠶᠢ ᠪᠢᠴᠢᠭᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠲᠠᠢ ᠲᠡᠦᠬᠡ ᠶᠢᠨ ᠪᠣᠳᠠᠲᠤ | ᠬᠡᠷᠡᠭ ᠢ ᠰᠡᠶᠢᠯᠦᠭᠰᠡᠨ ᠶᠤᠮ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠴᠥᠮ ᠳᠤᠮᠳᠠᠳᠤ ᠤᠯᠤᠰ ᠤᠨ ᠬᠥᠮᠥᠨ ᠮᠥᠨ᠂ ᠶᠠᠮᠠᠷ ᠴᠤ ᠠᠯᠳᠠᠷᠠᠭᠠᠵᠤ ᠲᠠᠶᠢᠯᠭᠦ | ᠦᠭᠡᠢ ᠰᠡᠳᠬᠢᠯ ᠤᠨ ᠵᠠᠩᠭᠢᠷᠠᠭ᠎ᠠ ᠭᠡᠵᠦ ᠪᠠᠶᠢᠳᠠᠭ ᠦᠭᠡᠢ᠂ ᠶᠠᠮᠠᠷ ᠴᠤ ᠵᠥᠪᠳᠡᠯᠴᠡᠵᠦ ᠲᠠᠶᠢᠯᠭᠦ ᠦᠭᠡᠢ ᠠᠰᠠᠭᠤᠳᠠᠯ ᠭᠡᠵᠦ ᠪᠠᠶᠢᠳᠠᠭ ᠦᠭᠡᠢ᠂ ᠶᠠᠮᠠᠷ ᠴᠤ ᠬᠦᠴᠦᠨ | ᠭᠡᠳ ᠪᠢᠳᠡᠨ ᠢ ᠰᠠᠯᠭᠠᠵᠤ ᠳᠡᠶᠢᠯᠭᠦ ᠦᠭᠡᠢ ᠶᠤᠮ᠃ ᠳᠠᠯᠠᠢ ᠶᠢᠨ ᠬᠤᠭᠤᠯᠠᠢ ᠶᠢᠨ ᠬᠤᠭᠤᠷᠣᠨᠳᠣᠭᠢ ᠵᠠᠢ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ | ᠳᠡᠭᠦᠦ ᠨᠠᠷ ᠤᠨ ᠴᠢᠰᠤ ᠮᠢᠬᠠᠨ ᠤ ᠪᠠᠷᠢᠯᠳᠤᠯᠭ᠎ᠠ ᠶᠢ ᠲᠠᠰᠤᠯᠵᠤ ᠲᠠᠶᠢᠯᠭᠦ ᠦᠭᠡᠢ ᠶᠤᠮ᠃ ᠪᠠᠶᠢᠭᠤᠯᠤᠯ ᠤᠨ ᠠᠳᠠᠯᠢ ᠪᠤᠰᠤ ᠨᠢ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠬᠢᠨ ᠴᠥᠮ ᠨᠢᠭᠡ ᠤᠯᠤᠰ᠂ ᠨᠢᠭᠡ ᠦᠨᠳᠦᠰᠦᠲᠡᠨ ᠳᠤ ᠬᠠᠷᠢᠶᠠᠯᠠᠭᠳᠠᠬᠤ ᠪᠤᠰᠤᠳᠴᠢ ᠪᠣᠳᠠᠲᠤ ᠬᠡᠷᠡᠭ ᠢ ᠬᠤᠪᠢᠷᠠᠭᠤᠯᠵᠤ ᠴᠢᠳᠠᠬᠤ ᠦᠭᠡᠢ ᠶᠤᠮ᠃ | ᠭᠠᠳᠠᠭᠠᠳᠤ ᠶᠢᠨ ᠭᠠᠷ ᠳᠦᠷᠦᠯᠲᠡ ᠨᠢ ᠤᠯᠤᠰ ᠭᠡᠷ ᠢᠶᠠᠷ ᠢᠶᠠᠨ ᠪᠦᠯᠬᠦᠮᠳᠡᠨ ᠨᠢᠭᠡᠳᠬᠦ ᠲᠡᠦᠬᠡ ᠶᠢᠨ ᠶᠡᠭᠡ ᠬᠠᠨᠳᠤᠰᠢ ᠶᠢ ᠬᠤᠷᠢᠭᠯᠠᠵᠤ ᠴᠢᠳᠠᠬᠤ ᠦᠭᠡᠢ ᠶᠤᠮ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠶᠠᠪᠤᠵᠤ ᠢᠷᠡᠭᠰᠡᠨ ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶᠢᠵᠤ᠂ ᠰᠡᠳᠬᠢᠯ | ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃ | ᠵᠠᠯᠠᠭᠤᠴᠤᠳ ᠪᠣᠯ ᠤᠯᠤᠰ ᠣᠷᠣᠨ ᠤ ᠬᠦᠰᠡᠯ ᠡᠷᠡᠮᠡᠯᠵᠡᠯ᠂ ᠦᠨᠳᠦᠰᠦᠲᠡᠨ ᠤ ᠢᠷᠡᠭᠡᠳᠦᠢ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠵᠠᠯᠠᠭᠤᠴᠤᠳ ᠰᠠᠶᠢᠨ ᠪᠠᠶᠢᠪᠠᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠢᠷᠡᠭᠡᠳᠦᠢ ᠰᠠᠶ᠋ᠢ ᠰᠠᠶᠢᠨ ᠪᠠᠶᠢᠵᠤ ᠴᠢᠳᠠᠨ᠎ᠠ᠃ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠵᠠᠯᠠᠭᠤᠴᠤᠳ ᠳᠤᠮᠳᠠᠳᠤ ᠤᠯᠤᠰ ᠤᠨ ᠬᠥᠮᠥᠨ ᠪᠣᠯᠤᠭᠰᠠᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢᠶᠠᠨ ᠴᠢᠩᠭᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠰᠢᠨ᠎ᠡ ᠭᠡᠷᠡᠯ | ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠬᠠᠮᠲᠤ ᠶᠢᠨ ᠤᠳᠤᠮ ᠤᠯᠠᠮᠵᠢᠯᠠᠯ ᠲᠠᠢ᠂ ᠬᠠᠮᠲᠤ ᠶᠢᠨ ᠰᠣᠶᠣᠯ᠂ | ᠬᠠᠮᠲᠤ ᠶᠢᠨ ᠲᠡᠦᠬᠡ ᠲᠠᠢ ᠶᠤᠮ᠂ ᠨᠠᠩ ᠴᠢᠬᠤᠯᠠ ᠨᠢ ᠪᠢᠳᠡ ᠦᠨᠳᠦᠰᠦᠲᠡᠨ ᠳᠡᠭᠡᠨ ᠬᠠᠮᠲᠤ ᠶᠢᠨ ᠬᠠᠷᠢᠭᠤᠴᠠᠯᠭ᠎ᠠ ᠲᠠᠢ᠂ ᠢᠷᠡᠭᠡᠳᠦᠢ ᠳᠡᠭᠡᠨ ᠬᠠᠮᠲᠤ ᠶᠢᠨ ᠬᠦᠰᠡᠯ | ᠡᠷᠡᠮᠡᠯᠵᠡᠯ ᠲᠠᠢ ᠪᠠᠶᠢᠬᠤ ᠶᠠᠪᠤᠳᠠᠯ ᠪᠣᠯᠣᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠪᠣᠯᠣᠨ ᠠᠯᠤᠰ ᠭᠡᠳᠤ ᠶᠢᠨ | ᠬᠥᠭᠵᠢᠯᠲᠡ ᠠᠴᠠ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ᠃ | ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠪᠣᠯᠪᠠᠰᠤᠨ ᠬᠡᠳᠦᠨ ᠮᠢᠩᠭᠠᠨ ᠵᠢᠯ ᠤᠨ ᠲᠤᠷᠰᠢ ᠤᠯᠠᠷᠢᠨ ᠬᠤᠪᠢᠰᠤᠯᠲᠠ ᠶᠢ ᠥᠩᠭᠡᠷᠡᠭᠡᠵᠦ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ | ᠪᠤᠯᠪᠠᠴᠤ ᠦᠶ᠎ᠡ ᠶᠢᠨ ᠦᠶ᠎ᠡ ᠪᠠᠷ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠭᠰᠡᠨ ᠤ ᠵᠠᠩᠭᠢᠯᠠᠭ᠎ᠠ ᠨᠢ ᠳᠤᠮᠳᠠᠳᠤ ᠶᠢᠨ ᠦᠨᠳᠦᠰᠦᠲᠡᠨ ᠳᠤ | ᠢᠮᠠᠭᠲᠠ ᠤᠯᠤᠰ ᠤᠨ ᠨᠤᠲᠤᠭ ᠳᠡᠪᠢᠰᠬᠡᠷ ᠢ ᠰᠠᠯᠭᠠᠵᠤ ᠪᠤᠯᠬᠤ ᠦᠭᠡᠢ᠂ ᠤᠯᠤᠰ ᠣᠷᠣᠨ ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ ᠢ ᠰᠠᠷᠨᠢᠭᠤᠯᠵᠤ | ᠪᠤᠯᠬᠤ ᠦᠭᠡᠢ᠂ ᠪᠣᠯᠪᠠᠰᠤᠨ ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠶᠢᠨ ᠢᠲᠡᠭᠡᠯ ᠵᠣᠷᠢᠭ ᠲᠠᠢ ᠪᠠᠶᠢᠳᠠᠭ ᠲᠤ ᠣᠷᠣᠰᠢᠨ᠎ᠠ᠃ ᠨᠢᠭᠡᠨ ᠡᠷᠡᠰ ᠴᠢᠩᠭ᠎ᠠ | ᠨᠢᠭᠡᠳᠦᠭᠰᠡᠨ ᠤᠯᠤᠰ ᠪᠣᠯ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠤᠪᠢ ᠵᠠᠶᠠᠭ᠎ᠠ ᠲᠠᠢ | ᠬᠤᠯᠪᠣᠭᠳᠠᠵᠤ ᠪᠠᠶᠢᠳᠠᠭ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ | ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ | ᠰᠠᠬᠢᠨ ᠬᠠᠮᠠᠭᠠᠯᠠᠵᠤ᠂ ᠨᠠᠶᠢᠷᠠᠮᠳᠠᠯ ᠢᠶᠠᠷ ᠨᠢᠭᠡᠳᠬᠡᠬᠦ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠬᠥᠭᠡᠭᠡᠴᠡᠯᠳᠦᠨ᠂ ᠳᠤᠮᠳᠠᠳᠤ ᠶᠢᠨ ᠦᠨᠳᠦᠰᠦᠲᠡᠨ ᠤ ᠬᠤᠪᠢ | ᠵᠠᠶᠠᠭ᠎ᠠ ᠶᠢ ᠳᠤᠮᠳᠠᠳᠤᠴᠤᠳ ᠤᠨ ᠥᠪᠡᠷ ᠤᠨ ᠬᠢᠨᠢ ᠭᠠᠷ ᠲᠤ ᠪᠠᠲᠤ ᠡᠵᠡᠮᠰᠢᠭᠦᠯᠬᠦ ᠬᠡᠷᠡᠭᠲᠡᠢ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠴᠥᠮ ᠭᠡᠷ ᠣᠷᠣᠨ ᠨᠢ ᠡᠩᠬᠡ ᠲᠠᠶᠢᠪᠤᠩ ᠠᠮᠤᠷ ᠠᠮᠤᠭᠤᠯᠠᠩ᠂ ᠭᠡᠷ ᠪᠦᠯᠢ ᠪᠠᠷ ᠢᠶᠠᠨ | ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠬᠦᠰᠡᠨ ᠡᠷᠡᠮᠡᠯᠵᠡᠵᠦ ᠪᠠᠶᠢᠳᠠᠭ᠂ ᠡᠶᠢᠮᠦ ᠠᠴᠠ ᠡᠷᠬᠡᠪᠰᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠂ ᠵᠠᠩᠭᠢᠯᠠᠭ᠎ᠠ ᠨᠢ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ | ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠳᠤ ᠪᠤᠢ᠂ ᠭᠤᠣᠯᠳᠠᠯᠭ᠎ᠠ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠪᠣᠯ ᠨᠢᠭᠡ ᠤᠯᠤᠰ᠂ | ᠨᠢᠭᠡ ᠦᠨᠳᠦᠰᠦᠲᠡᠨ ᠳᠤ ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ ᠤᠨ ᠲᠤᠬᠠᠢ ᠬᠠᠮᠲᠤ ᠶᠢᠨ ᠲᠠᠨᠢᠯᠲᠠ ᠲᠠᠢ ᠪᠠᠶᠢᠬᠤ ᠳᠤ ᠪᠤᠢ᠃ ᠤᠯᠤᠰ ᠣᠷᠣᠨ ᠢ | ᠬᠠᠭᠠᠴᠠᠭᠤᠯᠬᠤ ᠦᠭᠡᠢ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠴᠥᠮ ᠳᠤᠮᠳᠠᠳᠤ ᠤᠯᠤᠰ ᠤᠨ ᠬᠥᠮᠥᠨ᠂ ᠨᠢᠭᠡ ᠭᠡᠷ ᠤᠨ ᠬᠥᠮᠥᠨ | ᠮᠥᠨ ᠭᠡᠳᠡᠭ ᠢ ᠮᠡᠳᠡᠷᠡᠳᠡᠭ ᠯᠡ ᠶᠤᠮ ᠪᠣᠯ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ ᠤᠨ ᠬᠥᠮᠥᠰ ᠤᠨ | ᠤᠴᠢᠷ ᠢᠶᠠᠨ ᠤᠷᠢᠳ ᠢᠶᠠᠷ ᠬᠠᠷᠢᠯᠴᠠᠵᠤ ᠰᠠᠨᠠᠯ ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠢᠲᠡᠭᠡᠯᠴᠡᠭᠡ ᠪᠠᠨ ᠨᠡᠮᠡᠭᠳᠡᠭᠦᠯᠵᠦ᠂ ᠵᠥᠷᠢᠴᠡᠯ ᠢ | ᠠᠷᠢᠯᠭᠠᠵᠤ᠂ ᠬᠠᠮᠲᠤ ᠶᠢᠨ ᠲᠠᠨᠢᠯᠲᠠ ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃ | ᠬᠤᠶᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠪᠤᠶᠠᠨ ᠵᠢᠷᠭᠠᠯ ᠢ ᠡᠷᠡᠰ ᠪᠠᠲᠤ ᠬᠠᠮᠲᠤ ᠪᠠᠷ ᠴᠣᠭᠴᠠᠯᠠᠬᠤ ᠬᠡᠷᠡᠭᠲᠡᠢ᠃ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠲᠤ ᠪᠤᠶᠠᠨ ᠵᠢᠷᠭᠠᠯ ᠣᠯᠭᠤᠬᠤ ᠪᠣᠯ ᠪᠢᠳᠡᠨ ᠤ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠬᠠᠷᠢᠴᠠᠭ᠎ᠠ ᠶᠢ ᠬᠥᠭᠵᠢᠭᠦᠯᠬᠦ ᠶᠢᠨ ᠵᠣᠷᠢᠯᠲᠠ ᠪᠠ ᠲᠤᠰᠤᠯᠲᠠ ᠮᠥᠨ᠃ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠤ ᠪᠤᠶᠠᠨ ᠵᠢᠷᠭᠠᠯ ᠢ ᠬᠠᠮᠲᠤ ᠪᠠᠷ | ᠴᠣᠭᠴᠠᠯᠠᠬᠤ ᠬᠠᠷᠠᠯᠲᠠ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ | ᠳᠡᠭᠦᠦ ᠨᠠᠷ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠢ ᠪᠠᠭᠲᠠᠭᠠᠭᠰᠠᠨ ᠪᠦᠭᠦ | ᠳᠤᠮᠳᠠᠳᠤᠴᠤᠳ ᠢ ᠨᠡᠩ ᠰᠠᠶᠢᠨ ᠰᠠᠶᠢᠬᠠᠨ ᠠᠮᠢᠳᠤᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠠᠪᠤᠳᠠᠯ ᠪᠣᠯᠣᠨ᠎ᠠ᠃ ᠪᠢᠳᠡ ᠡᠬᠡ ᠬᠠᠭᠤᠷᠠᠢ ᠶᠢᠨ 14 ᠳ᠋ᠦᠩᠰᠢᠭᠤᠷ ᠭᠠᠷᠤᠢ ᠠᠬ᠎ᠠ ᠳᠡᠭᠦᠦ ᠨᠠᠷ ᠢᠶᠠᠨ ᠳᠠᠭᠠᠭᠤᠯᠤᠨ | ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠴᠢᠳᠠᠪᠤᠷᠢ ᠲᠠᠢ ᠪᠥᠭᠡᠳ ᠲᠠᠶᠢᠸᠠᠨ ᠤ ᠠᠬ᠎ᠠ ᠳᠡᠭᠦᠦ ᠨᠠᠷ ᠲᠠᠢ ᠬᠠᠮᠲᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠬᠤ ᠪᠦᠷᠢᠨ ᠴᠢᠳᠠᠪᠤᠷᠢ ᠲᠠᠢ ᠶᠤᠮ᠃ | ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠪᠣᠳᠣᠯᠬᠢᠯᠠᠵᠤ᠂ ᠡᠩ ᠲᠡᠷᠢᠭᠦᠨ ᠳᠤ ᠲᠠᠶᠢᠸᠠᠨ ᠤ ᠠᠬ᠎ᠠ ᠳᠡᠭᠦᠦ ᠨᠠᠷ ᠲᠠᠢ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠵᠤ᠂ ᠡᠬᠡ ᠤᠯᠤᠰ ᠤᠨ ᠡᠬᠡ ᠬᠠᠭᠤᠷᠠᠢ ᠶᠢᠨ | ᠬᠥᠭᠵᠢᠯᠲᠡ ᠲᠠᠪᠰᠢᠯᠳᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠢᠳᠡᠪᠬᠢᠲᠡᠢ ᠪᠠᠷ ᠲᠠᠶᠢᠸᠠᠨ ᠤ ᠠᠬ᠎ᠠ ᠳᠡᠭᠦᠦ ᠨᠠᠷ ᠲᠤ ᠪᠣᠳᠠᠲᠤ ᠶᠠᠪᠤᠳᠠᠯ ᠬᠢᠵᠦ᠂ | ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠲᠠᠶᠢᠸᠠᠨ ᠤ ᠠᠬ᠎ᠠ ᠳᠡᠭᠦᠦ ᠨᠠᠷ ᠤᠨ ᠠᠰᠢᠭ ᠲᠤᠰᠠ ᠶᠢ ᠨᠡᠩ ᠤᠯᠠᠨ᠂ ᠪᠤᠶᠠᠨ ᠵᠢᠷᠭᠠᠯ ᠢ | ᠨᠡᠩ ᠪᠣᠳᠠᠲᠠᠢ᠂ ᠢᠷᠡᠭᠡᠳᠦᠢ ᠶᠢ ᠨᠡᠩ ᠰᠠᠶᠢᠨ ᠰᠠᠶᠢᠬᠠᠨ ᠪᠣᠯᠭᠠᠨ᠎ᠠ᠃ | ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤᠷᠲᠤ ᠤᠳᠠᠭᠠᠨ ᠲᠡᠦᠬᠡᠨ ᠶᠠᠪᠤᠴᠠ ᠳᠤ᠂ ᠡᠷᠳᠡᠨᠢ ᠶᠢᠨ ᠠᠷᠠᠯ ᠲᠠᠶᠢᠸᠠᠨ ᠵᠡᠷᠭᠡ ᠶᠢ ᠪᠠᠭᠲᠠᠭᠠᠭᠰᠠᠨ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ | ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ | ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠤᠯᠭᠠᠬᠰᠠᠨ ᠶᠤᠮ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠶᠡᠷᠦ ᠠᠴᠠ | ᠨᠢᠭᠡ ᠭᠡᠷ ᠤᠨ ᠬᠥᠮᠥᠨ ᠪᠣᠯᠬᠤᠷ ᠦᠷᠭᠦᠯᠵᠢ ᠶᠠᠪᠤᠯᠴᠠᠵᠤ᠂ ᠶᠠᠪᠤᠬᠤ ᠲᠤᠳᠤᠮ ᠣᠶᠢᠷ᠎ᠠ ᠳᠣᠲᠣᠨᠣ ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭᠠᠨ ᠤ ᠳᠤᠮᠳᠠ ᠰᠡᠳᠬᠢᠯ ᠢᠶᠠᠨ ᠰᠣᠯᠢᠯᠴᠠᠬᠤ᠂ ᠶᠠᠪᠤᠯᠴᠠᠭᠠᠨ ᠤ ᠳᠤᠮᠳᠠ ᠢᠲᠡᠭᠡᠯ ᠢᠶᠠᠨ | ᠨᠡᠮᠡᠭᠳᠡᠭᠦᠯᠬᠦ᠂ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠤᠨ᠎ᠠ᠃ ᠪᠢᠳᠡ ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠢ ᠡᠬᠡ ᠬᠠᠭᠤᠷᠠᠢ ᠳᠤ ᠢᠯᠡᠭᠦᠬᠡᠨ | ᠢᠷᠡᠵᠦ ᠠᠶᠢᠯᠴᠢᠯᠠᠬᠤ ᠶᠢ ᠬᠠᠯᠠᠭᠤᠨ ᠢᠶᠠᠷ ᠤᠷᠢᠵᠤ ᠪᠠᠶᠢᠬᠤ ᠪᠥᠭᠡᠳ ᠡᠬᠡ ᠬᠠᠭᠤᠷᠠᠢ ᠶᠢᠨ ᠠᠷᠠᠳ ᠤᠯᠠᠨ ᠡᠬᠡ ᠤᠯᠤᠰ ᠤᠨ ᠡᠷᠳᠡᠨᠢ ᠶᠢᠨ ᠠᠷᠠᠯ ᠳᠤ ᠢᠯᠡᠭᠦᠬᠡᠨ | ᠣᠴᠢᠵᠤ ᠦᠵᠡᠬᠦ ᠶᠢ ᠬᠦᠰᠡᠵᠦ ᠪᠠᠶᠢᠨ᠎ᠠ᠃ | ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠤᠳᠠᠰᠤ ᠮᠥᠨ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠠᠬ᠎ᠠ ᠳᠡᠭᠦᠦ ᠨᠠᠷ ᠤᠨ ᠬᠠᠮᠲᠤ ᠶᠢᠨ ᠵᠣᠷᠢᠭ ᠰᠠᠨᠠᠭᠠᠨ ᠤ ᠭᠡᠷ ᠣᠷᠣᠨ ᠮᠥᠨ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ | ᠳᠤᠮᠳᠠᠳᠤ ᠶᠢᠨ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠳᠤᠮᠳᠠᠳᠤ ᠶᠢᠨ ᠰᠣᠶᠣᠯ ᠤᠨ ᠰᠠᠬᠢᠨ ᠬᠠᠮᠠᠭᠠᠯᠠᠭᠴᠢ᠂ ᠤᠯᠠᠮᠵᠢᠯᠠᠨ | ᠵᠠᠯᠭᠠᠮᠵᠢᠯᠠᠭᠴᠢ᠂ ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ ᠰᠡᠳᠬᠢᠯᠭᠡ᠂ ᠢᠷᠠᠭᠤ | ᠠᠯᠳᠠᠷᠲᠤ ᠰᠡᠳᠬᠢᠯᠭᠡ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ | ᠳᠥᠷᠪᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠭᠤᠨ ᠵᠢᠯ ᠤᠨ | ᠲᠡᠮᠡᠴᠡᠯ ᠢᠶᠠᠷ ᠳᠠᠮᠵᠢᠭᠠᠳ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠠᠮᠵᠢᠯᠲᠠ ᠲᠠᠢ ᠵᠠᠮᠨᠠᠵᠤ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ ᠠᠪᠴᠢᠷᠠᠵᠤ᠂ ᠰᠦᠨ ᠵᠦᠩ ᠱᠠᠨ ᠠᠪᠤᠭᠠᠢ ᠶᠢᠨ ᠲᠤᠬᠠᠢ ᠶᠢᠨ ᠵᠢᠯ ᠤᠨ ᠵᠢᠷᠤᠭᠯᠠᠭᠰᠠᠨ ᠵᠢᠷᠤᠭ | ᠲᠥᠰᠥᠪ ᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠰᠦᠨ ᠵᠦᠩ ᠱᠠᠨ ᠠᠪᠤᠭᠠᠢ ᠶᠢᠨ ᠵᠢᠱᠢᠭᠰᠡᠨ ᠠᠯᠤᠰ ᠤᠨ ᠲᠥᠰᠥᠪ ᠠᠴᠠ ᠬᠤᠯᠠ ᠳᠠᠪᠠᠭᠰᠠᠨ ᠮᠠᠰᠢ ᠤᠯᠠᠨ | ᠠᠮᠵᠢᠯᠲᠠ ᠪᠦᠲᠦᠮᠵᠢ ᠶᠢ ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠬᠦᠷᠳᠦ ᠦᠷᠭᠦᠯᠵᠢᠯᠡᠨ ᠤᠷᠤᠭᠰᠢᠯᠠᠬᠤ ᠳᠤ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠲᠡᠮᠡᠴᠡᠯ ᠪᠠ ᠬᠦᠴᠦ ᠬᠥᠯᠥᠰᠦ ᠰᠢᠩᠭᠡᠵᠦ ᠪᠠᠶᠢᠭ᠎ᠠ ᠪᠣᠯᠬᠤᠷ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠬ᠎ᠠ ᠳᠡᠭᠦᠦ ᠨᠠᠷ ᠰᠡᠳᠬᠢᠯ ᠨᠢᠭᠡᠳᠦᠨ ᠬᠠᠮᠲᠤ ᠪᠠᠷ ᠡᠭᠦᠳᠴᠦ᠂ ᠦᠷᠭᠦᠯᠵᠢᠯᠡᠨ ᠲᠡᠮᠡᠴᠡᠬᠦ ᠴᠢᠬᠤᠯᠠᠲᠠᠢ ᠪᠥᠭᠡᠳ ᠡᠴᠦᠰ ᠲᠡᠭᠡᠨ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠤᠬᠢᠶ᠎ᠠ ᠳᠠᠮᠵᠢᠭᠤᠯᠤᠨ ᠲᠡᠮᠡᠴᠡᠬᠦ ᠶᠠᠪᠤᠴᠠ ᠳᠤ ᠪᠡᠶᠡᠯᠡᠭᠳᠡᠬᠦ ᠪᠣᠯᠣᠨ᠎ᠠ᠃ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠵᠠᠯᠠᠭᠤᠴᠤᠳ ᠯᠠᠪᠲᠠᠢ ᠶᠡᠭᠡ ᠦᠢᠯᠡᠰ ᠢ ᠪᠦᠲᠦᠭᠡᠵᠦ ᠪᠤᠯᠬᠤ ᠪᠥᠭᠡᠳ ᠶᠡᠭᠡ ᠦᠢᠯᠡᠰ ᠢ ᠪᠦᠲᠦᠭᠡᠵᠦ ᠯᠠᠪᠲᠠᠢ ᠴᠢᠳᠠᠬᠤ ᠶᠤᠮ᠃ ᠪᠢᠳᠡ | ᠲᠠᠶᠢᠸᠠᠨ ᠤ ᠵᠠᠯᠠᠭᠤᠴᠤᠳ ᠤᠨ ᠡᠬᠡ ᠤᠯᠤᠰ ᠤᠨ ᠡᠬᠡ ᠬᠠᠭᠤᠷᠠᠢ ᠳᠤ ᠢᠷᠡᠵᠦ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠬᠦᠰᠡᠯ ᠵᠡᠭᠦᠳᠦ ᠪᠠᠨ ᠴᠣᠭᠴᠠᠯᠠᠬᠤ᠂ | ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠪᠠᠶᠠᠷᠯᠠᠨ ᠤᠭᠲᠤᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠦᠰᠦᠨ ᠪᠤᠶᠢᠵᠢᠬᠤ᠂ | ᠴᠢᠳᠠᠪᠤᠷᠢᠲᠠᠨ ᠪᠤᠯᠬᠤ᠂ ᠠᠮᠵᠢᠯᠲᠠ ᠣᠯᠬᠤ ᠳᠤ ᠨᠡᠩ ᠰᠠᠶᠢᠨ ᠨᠥᠬᠦᠴᠡᠯ᠂ ᠨᠡᠩ ᠤᠯᠠᠨ ᠠᠵᠠ ᠲᠣᠭᠢᠶᠠᠯ ᠢ ᠦᠷᠭᠦᠯᠵᠢᠯᠡᠨ ᠪᠦᠷᠢᠯᠳᠦᠭᠦᠯᠵᠦ ᠥᠭᠭᠦᠨ᠎ᠡ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ ᠰᠡᠳᠬᠢᠯ | ᠨᠢᠭᠡᠳᠦᠨ ᠬᠠᠮᠲᠤ ᠪᠠᠷ ᠤᠷᠤᠭᠰᠢᠯᠠᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠭᠦᠶᠦᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠠᠯᠠᠭᠤ | ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ 4 ᠰᠠᠷ᠎ᠠ ᠶᠢᠨ 3 ᠤ ᠡᠳᠦᠷ᠂ ᠬᠤᠸᠠ ᠯᠢᠶᠠᠨ ᠰᠢᠶᠠᠨ ᠤ ᠲᠡᠯᠡᠶ ᠶᠢᠨ ᠣᠷᠣᠨ ᠳᠤ 7.3 ᠲᠠᠰ ᠤᠨ ᠭᠠᠵᠠᠷ ᠬᠥᠳᠡᠯᠦᠯᠲᠡ ᠡᠭᠦᠰᠴᠦ᠂ | ᠬᠥᠮᠥᠨ ᠬᠠᠷ᠎ᠠ ᠠᠳᠡᠵᠦ ᠰᠢᠷᠬᠠᠲᠤᠨ᠂ ᠡᠳ᠋ ᠬᠥᠷᠥᠩᠭᠡ ᠬᠤᠬᠢᠷᠠᠯ ᠳᠤ ᠤᠴᠠᠷᠠᠭᠰᠠᠨ ᠳᠤ᠂ ᠪᠢ ᠠᠳᠡᠭᠰᠡᠨ ᠠᠬᠠᠨ ᠳᠡᠭᠦᠦᠰ ᠢ ᠡᠮᠭᠡᠨᠢᠨ ᠭᠠᠰᠢᠭᠤᠳᠠᠵᠤ ᠪᠠᠶᠢᠬᠤ | ᠪᠥᠭᠡᠳ ᠭᠠᠮᠰᠢᠭᠳᠠᠭᠰᠠᠨ ᠣᠷᠣᠨ ᠤ ᠣᠯᠠᠨ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠵᠦ ᠪᠠᠶᠢᠨ᠎ᠠ ᠭᠡᠵᠦ ᠬᠡᠯᠡᠪᠡ᠃ | ᠮᠠ ᠶᠢᠩ ᠵᠢᠦ᠂ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ | ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠶᠢᠨ ᠬᠠᠮᠲᠤ ᠶᠢᠨ ᠤᠯᠤᠰ ᠲᠥᠷᠥ ᠶᠢᠨ ᠰᠠᠭᠤᠷᠢ ᠮᠥᠨ᠃ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠪᠣᠯ ᠴᠥᠮ ᠳᠤᠮᠳᠠᠳᠤ ᠶᠢᠨ ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠶᠢᠨ ᠦᠷ᠎ᠡ | ᠬᠤᠶᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠵᠠᠯᠭᠠᠮᠵᠢᠯᠠᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠭᠠᠷ ᠬᠤᠯᠪᠣᠯᠴᠠᠨ ᠤᠷᠤᠭᠰᠢᠯᠠᠵᠤ᠂ ᠳᠤᠮᠳᠠᠳᠤ ᠤᠯᠤᠰ ᠢᠶᠠᠨ | ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠬᠡᠯᠡᠪᠡ᠃ | ᠬᠤᠷᠠᠯ ᠳᠤ ᠣᠷᠣᠯᠴᠠᠬᠰᠠᠨ ᠲᠠᠶᠢᠸᠠᠨ ᠤ ᠵᠠᠯᠠᠭᠤᠴᠤᠳ ᠤᠨ ᠲᠥᠯᠥᠭᠡᠯᠡᠭᠴᠢ ᠦᠭᠡ ᠬᠡᠯᠡᠪᠡ᠃ | ᠸᠠᠩ ᠬᠤ᠋ ᠨᠢᠩ᠂ ᠼᠠᠢ ᠴᠢ ᠨᠠᠷ ᠠᠭᠤᠯᠵᠠᠯᠲᠠ ᠳᠤ ᠣᠷᠣᠯᠴᠠᠵᠠᠢ᠃ | | | |