ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠨ᠂ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠪᠠ︶ ᠢ ᠨᠡᠶᠢᠲᠡᠯᠡᠵᠦ᠂ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠪᠣᠯ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ | ᠃ ︽ᠳᠦᠷᠢᠮ︾ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠪᠠ ᠱᠠᠭᠠᠷᠳᠠᠯᠭ᠎ᠠ ᠵᠢᠴᠢ ᠪᠦᠲᠦᠮᠵᠢᠲᠡᠶ ᠲᠤᠷᠰᠢᠯᠭ᠎ᠠ | ᠠᠷᠭ᠎ᠠ ᠬᠢᠳᠡᠯ ᠤᠳ ᠢ ᠶᠡᠷᠦᠩᠬᠡᠶᠢᠯᠡᠭᠰᠡᠨ ᠴᠢᠨᠠᠷᠲᠠᠢ᠂ ᠰᠠᠭᠤᠷᠢ ᠴᠢᠨᠠᠷᠲᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠡᠯᠪᠡᠷᠢ ᠪᠠᠷ ᠪᠠᠬᠢᠵᠢᠭᠦᠯᠦᠨ ᠥᠷᠭᠡᠳᠬᠡᠬᠦ | ᠪᠣᠯᠣᠨ᠎ᠠ᠃ ᠪᠠᠰᠠ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠦᠨᠳᠦᠰᠦᠨ ᠳᠦᠷᠢᠮ ᠲᠣᠭᠲᠠᠭᠠᠯ ᠢ ᠲᠣᠭᠲᠠᠭᠠᠭᠰᠠᠨ ᠠᠴᠠ ᠬᠠᠤᠯᠢ ᠪᠠᠷ ᠵᠠᠰᠠᠬᠤ ᠶᠢᠨ | ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠦᠢᠯᠡᠳᠦᠯ ᠤᠳ ᠢ ᠨᠢ ᠭᠦᠢᠴᠡᠳ ᠪᠠᠳᠠᠷᠠᠭᠤᠯᠬᠤ ᠪᠣᠯᠣᠨ᠎ᠠ᠃ | ︽ᠳᠦᠷᠢᠮ︾ ᠨᠡᠶᠢᠲᠡ 6 ᠪᠦᠯᠦᠭ 33 ᠵᠦᠢᠯ ᠲᠠᠢ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠲᠣᠭᠲᠠᠭᠠᠵᠠᠢ᠄ | ᠨᠢᠭᠡ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠭᠤᠯᠤᠭᠳᠠᠬᠤᠨ ᠢ ᠲᠣᠳᠣᠷᠬᠠᠶᠢᠯᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ | ᠭᠡᠳᠡᠭ ᠪᠣᠯ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ᠂ ᠭᠠᠵᠠᠷ ᠣᠷᠣᠨ ᠨᠤᠭᠤᠳ ᠬᠤᠭᠤᠷᠣᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ᠂ ᠵᠠᠬ᠎ᠠ | ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠲᠣᠭᠲᠠᠭᠠᠯ ᠪᠤᠶᠤ ᠪᠣᠯᠵᠣᠯ ᠶᠣᠰᠣᠭᠠᠷ ᠠᠮᠢ ᠠᠬᠤᠢ ᠶᠢᠨ ᠬᠠᠮᠠᠭᠠᠯᠠᠯᠲᠠ | ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠬᠦ ᠤᠷᠮᠠᠰᠢᠭᠤᠯᠤᠯ ᠤᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠶᠢ ᠵᠢᠭᠠᠵᠤ ᠪᠠᠶᠢᠨ᠎ᠠ᠃ | ᠬᠤᠶᠠᠷ᠂ ᠠᠵᠢᠯ ᠤᠨ ᠵᠠᠷᠴᠢᠮ ᠢ ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠪᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠭᠤᠣᠯᠯᠠᠬᠤ᠂ ᠨᠡᠶᠢᠭᠡᠮ ᠣᠷᠣᠯᠴᠠᠬᠤ᠂ ᠵᠠᠬ᠎ᠠ | ᠳᠡᠯᠭᠡᠭᠦᠷ ᠲᠣᠬᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠮᠠᠰᠢᠭᠤᠯᠬᠤ ᠬᠢᠭᠡᠳ ᠬᠢᠵᠠᠭᠠᠷᠯᠠᠬᠤ ᠶᠢ ᠵᠡᠷᠭᠡ ᠳᠤ ᠴᠢᠬᠤᠯᠠᠴᠢᠯᠠᠬᠤ ᠶᠢ ᠪᠠᠷᠢᠮᠲᠠᠯᠠᠵᠤ᠂ | ᠨᠢᠭᠡᠳᠦᠯᠲᠡᠢ ᠲᠥᠯᠥᠪᠯᠡᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠦᠷ᠎ᠡ ᠠᠰᠢᠭ ᠢ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠲᠠᠢ | ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ | ᠦᠨᠳᠦᠰᠦᠯᠡᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠭᠤᠷᠪᠠ᠂ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ ᠶᠢ ᠵᠢᠷᠤᠮᠵᠢᠭᠤᠯᠤᠨ᠎ᠠ᠃ ᠤᠯᠤᠰ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠡᠷᠭᠡ | ᠠᠷᠭ᠎ᠠ ᠪᠠᠷ ᠳᠠᠮᠵᠢᠭᠤᠯᠤᠨ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠬᠠᠮᠠᠭᠠᠯᠠᠯᠲᠠ ᠥᠷᠨᠢᠭᠦᠯᠦᠭᠰᠡᠨ ᠵᠢᠴᠢ ᠠᠮᠢ ᠠᠬᠤᠢ ᠶᠢᠨ | ᠴᠢᠳᠠᠮᠵᠢ ᠴᠢᠬᠤᠯᠠ ᠣᠷᠣᠨ ᠪᠦᠰᠡ ᠳᠤ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠭᠦᠨ᠎ᠡ᠃ ᠣᠷᠣᠨ | ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠥᠬᠦᠪᠦᠷᠢ ᠪᠡᠯᠡ ᠮᠥᠩᠭᠦ ᠶᠢ ᠠᠮᠢ ᠠᠬᠤᠢ ᠶᠢᠨ ᠬᠠᠮᠠᠭᠠᠯᠠᠯᠲᠠ | ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠴᠠᠭ ᠲᠤᠬᠠᠢ ᠳᠤ ᠨᠢ ᠣᠯᠭᠤᠬᠤ ᠬᠡᠷᠡᠭᠲᠡᠢ︔ ᠣᠷᠣᠨ ᠨᠤᠲᠤᠭ ᠤᠨ ᠵᠠᠰᠠᠭ ᠤᠨ ᠣᠷᠳᠣᠨ ᠤ ᠨᠢᠭᠡᠳᠦᠯᠲᠡᠢ | ᠲᠥᠯᠥᠪᠯᠡᠨ ᠬᠡᠷᠡᠭᠯᠡᠬᠦ ᠪᠡᠯᠡ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ | ᠵᠡᠷᠭᠡ ᠳᠤ ᠤᠷᠢᠳ ᠢᠶᠠᠷ ᠬᠡᠷᠡᠭᠯᠡᠬᠦ ᠬᠡᠷᠡᠭᠲᠡᠢ᠃ | ᠳᠥᠷᠪᠡ ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠠᠰᠢᠭ | ᠭᠥᠷᠳᠡᠬᠦ ᠭᠠᠵᠠᠷ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠯᠴᠡᠬᠦ ᠵᠡᠷᠭᠡ ᠠᠷᠭ᠎ᠠ ᠪᠠᠷ | ᠳᠠᠮᠵᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠣᠭᠲᠠᠴᠠ ᠪᠠᠶᠢᠭᠤᠯᠬᠤ ᠶᠢ ᠨᠢ ᠵᠣᠷᠢᠭᠵᠢᠭᠤᠯᠵᠤ ᠵᠢᠯᠤᠭᠤᠳᠴᠤ ᠠᠬᠢᠭᠤᠯᠤᠨ᠎ᠠ᠃ ᠠᠮᠢ | ᠠᠬᠤᠢ ᠶᠢᠨ ᠴᠢᠳᠠᠮᠵᠢ ᠣᠨᠴᠠ ᠴᠢᠬᠤᠯᠠ ᠣᠷᠣᠨ ᠪᠦᠰᠡ ᠳᠤ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠥᠭᠭᠦᠭᠰᠡᠨ ᠪᠠᠶᠢᠪᠠᠯ᠂ ᠲᠥᠪ ᠤᠨ ᠡᠳ᠋ ᠤᠨ ᠵᠠᠰᠠᠭ ᠪᠠ ᠮᠤᠵᠢ ᠶᠢᠨ ᠱᠠᠲᠤᠨ ᠤ ᠡᠳ᠋ ᠤᠨ ᠵᠠᠰᠠᠭ ᠬᠥᠲᠥᠯᠥᠨ ᠵᠢᠯᠤᠭᠤᠳᠴᠤ | ᠲᠡᠮᠵᠢᠵᠤ ᠪᠣᠯᠣᠨ᠎ᠠ︔ ᠨᠥᠬᠦᠪᠦᠷᠢ ᠥᠭᠬᠦ ᠲᠣᠭᠲᠠᠴᠠ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ | ᠬᠤᠷᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠲᠥᠯᠥᠪᠯᠡᠭᠡ᠂ ᠪᠡᠯᠡ ᠮᠥᠩᠭᠦ᠂ ᠲᠦᠰᠦᠯ ᠤᠨ | ᠲᠣᠬᠢᠷᠠᠭᠤᠯᠤᠯᠲᠠ ᠵᠡᠷᠭᠡ ᠲᠠᠯ᠎ᠠ ᠪᠠᠷ ᠵᠣᠬᠢᠰᠲᠠᠢ ᠳᠡᠮᠵᠢᠵᠦ ᠪᠣᠯᠣᠨ᠎ᠠ᠃ | ᠲᠠᠪᠤ ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠶᠢ ᠵᠣᠷᠢᠭᠵᠢᠭᠤᠯᠤᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ ᠪᠤᠬᠢᠷᠳᠤᠯ | ᠦᠭᠡᠢ ᠦᠢᠯᠡᠳᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠶᠢ ᠨᠢ | ᠵᠣᠷᠢᠭᠵᠢᠭᠤᠯᠤᠨ᠎ᠠ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠰᠠᠭᠤᠷᠢ ᠮᠥᠩᠭᠦ ᠪᠠᠶᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠳᠤ ᠬᠠᠤᠯᠢ ᠶᠣᠰᠣᠭᠠᠷ ᠡᠮᠬᠢ | ᠵᠢᠷᠤᠮ ᠲᠠᠢ ᠪᠠᠷ ᠣᠷᠣᠯᠴᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤ ᠨᠢ ᠪᠠᠭᠤᠯᠭᠠᠬᠤ ᠪᠠ ᠬᠠᠷᠭᠤᠭᠤᠯᠤᠨ ᠥᠭᠬᠦ ᠬᠡᠷᠡᠭᠲᠡᠢ᠂ ᠪᠡᠯᠡ | ᠮᠥᠩᠭᠦ ᠶᠢ ᠦᠯᠡᠳᠡᠭᠡᠨ ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠥᠷᠢᠲᠦᠵᠦ ᠤᠳᠠᠭᠠᠰᠢᠷᠠᠭᠤᠯᠤᠭᠰᠠᠨ ᠪᠤᠶᠤ ᠲᠣᠭᠲᠠᠭᠠᠯ ᠶᠣᠰᠣᠭᠠᠷ | ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠪᠡᠯᠡ ᠮᠥᠩᠭᠦ ᠶᠢ ᠬᠤᠶᠢᠰᠢᠯᠠᠭᠤᠯᠤᠨ ᠰᠠᠯᠭᠠᠨ ᠥᠭᠬᠦ᠂ | ᠪᠠᠭᠠᠰᠬᠠᠨ ᠰᠠᠯᠭᠠᠨ ᠥᠭᠬᠦ᠂ ᠰᠠᠯᠭᠠᠨ ᠥᠭᠬᠦ ᠶᠢ ᠵᠣᠭᠰᠤᠭᠠᠬᠤ ᠪᠤᠶᠤ ᠨᠡᠬᠡᠮᠵᠢᠯᠡᠨ ᠠᠪᠴᠢᠷᠠᠵᠤ ᠪᠣᠯᠣᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠠᠵᠢᠯ ᠤᠨ ᠪᠠᠶᠢᠳᠠᠯ ᠢ ᠬᠠᠤᠯᠢ ᠶᠣᠰᠣᠭᠠᠷ ᠴᠠᠭ ᠲᠤᠬᠠᠢ ᠳᠤ ᠨᠢ ᠢᠯᠡ ᠪᠣᠯᠭᠠᠵᠤ᠂ ᠬᠢᠨᠠᠨ ᠪᠤᠳᠤᠬᠤ ᠪᠠᠶᠢᠭᠤᠯᠭ᠎ᠠ ᠪᠡᠯᠡ ᠮᠦᠩᠭᠦᠨ ᠤ ᠬᠠᠮᠢᠶᠠᠷᠤᠯᠲᠠ | ᠬᠡᠷᠡᠭᠯᠡᠯᠲᠡ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠬᠡᠷᠡᠭᠲᠡᠢ᠃ | | | |