ᠨᠢᠳᠤᠨᠤᠨ ᠠᠴᠠ ᠨᠠᠭᠠᠰᠢ᠂ ᠮᠠᠨ ᠤ ᠬᠤᠲᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ | ᠂ ᠬᠦᠴᠢᠷᠳᠡᠯᠲᠡᠢ ᠣᠯᠠᠨ ᠲᠦᠮᠡᠨ ᠪᠠ ᠣᠨᠴᠠᠭᠠᠶ ᠬᠠᠮᠲᠤᠯᠢᠭ ᠤᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠨᠡᠶᠢᠭᠡᠮ ᠤᠨ ᠪᠠᠲᠤᠯᠠᠭ᠎ᠠ ᠶᠢᠨ ᠠᠮᠤᠷ | ᠲᠦᠪᠰᠢᠨ ᠤ ᠬᠠᠮᠠᠭᠠᠯᠠᠯᠲᠠ ᠶᠢᠨ ᠲᠣᠣᠷ ᠢ ᠲᠠᠰᠤᠷᠠᠯᠲᠠ ᠦᠭᠡᠢ ᠨᠢᠭᠲᠠ ᠰᠦᠯᠵᠢᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢᠨ ᠰᠠᠭᠤᠷᠢ ᠶᠢ ᠨᠠᠩ ᠪᠠᠲᠤᠳᠬᠠᠪᠠ᠃ | ᠡᠯ᠎ᠡ ᠲᠦᠷᠦᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 2023 ᠣᠨ ᠤ ᠡᠴᠦᠰ ᠪᠣᠯᠲᠠᠯ᠎ᠠ᠂ ᠮᠠᠨ ᠤ ᠬᠤᠲᠠ ᠶᠢᠨ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠲᠣᠰ ᠲᠣᠰ 790 ᠲᠥᠭᠦᠷᠢᠭ / ᠰᠠᠷ᠎ᠠ ᠪᠠ 605 ᠲᠥᠭᠦᠷᠢᠭ / ᠰᠠᠷ᠎ᠠ ᠳᠤ ᠬᠦᠷᠴᠦ᠂ 2022 ᠣᠨ ᠤ ᠬᠢ ᠲᠠᠢ | ᠬᠠᠷᠢᠴᠠᠭᠤᠯᠪᠠᠯ ᠲᠣᠰ ᠲᠣᠰ 2.3% ᠪᠠ 7.8% ᠪᠠᠷ ᠳᠡᠭᠡᠭᠰᠢᠯᠡᠵᠡᠢ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ | ᠪᠠᠷᠢᠮᠵᠢᠶ᠎ᠠ ᠶᠢ ᠲᠣᠰ ᠲᠣᠰ 1308 ᠲᠥᠭᠦᠷᠢᠭ / ᠰᠠᠷ᠎ᠠ ᠪᠠ 878 ᠲᠥᠭᠦᠷᠢᠭ / ᠰᠠᠷ᠎ᠠ ᠳᠤ ᠬᠦᠷᠦᠭᠦᠯᠵᠦ᠂ 2022 ᠣᠨ ᠤ ᠪᠠᠷᠢᠮᠵᠢᠶ᠎ᠠ ᠯᠤᠭ᠎ᠠ | ᠬᠤᠪᠢᠷᠠᠭᠤᠯᠬᠤ ᠦᠭᠡᠢ ᠪᠠᠶᠢᠯᠭᠠᠨ᠎ᠠ᠃ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠰᠠᠯᠭᠠᠨ ᠠᠰᠠᠷᠠᠨ ᠲᠡᠵᠢᠭᠡᠬᠦ ᠥᠨᠥᠴᠢᠨ ᠬᠡᠦᠬᠡᠳ ᠵᠢᠴᠢ | ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 2174 ᠲᠥᠭᠦᠷᠢᠭ / ᠰᠠᠷ᠎ᠠ ᠪᠠ 1857 ᠲᠥᠭᠦᠷᠢᠭ / | ᠰᠠᠷ᠎ᠠ ᠳᠤ ᠬᠦᠷᠭᠡᠵᠦ᠂ 2022 ᠣᠨ ᠤ ᠬᠢ ᠠᠴᠠ ᠲᠣᠰ ᠲᠣᠰ 15% ᠪᠠ 23% ᠪᠠᠷ ᠳᠡᠭᠡᠭᠰᠢᠯᠡᠭᠦᠯᠪᠡ᠃ | ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠣᠯᠭᠤᠨ᠎ᠠ᠃ 2023 ᠣᠨ ᠳᠤ᠂ | ᠪᠥᠬᠦ ᠬᠤᠲᠠ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠨ᠂ ᠲᠦᠷ ᠴᠠᠭ ᠤᠨ ᠠᠪᠤᠷᠠᠨ ᠲᠤᠰᠠᠯᠠᠯᠲᠠ᠂ | ᠵᠡᠮᠳᠡᠭᠴᠦᠳ ᠤᠨ ︽ᠬᠤᠶᠠᠷ ᠢ ᠨᠥᠬᠦᠪᠦᠷᠢᠯᠡᠬᠦ︾᠂ ᠥᠨᠳᠥᠷ ᠨᠠᠰᠤᠨ ᠤ ᠨᠡᠮᠡᠭᠦᠷᠢ᠂ ᠥᠨᠥᠴᠢᠨ ᠬᠡᠦᠬᠡᠳ ᠢ ᠠᠰᠠᠷᠠᠨ ᠲᠡᠵᠢᠭᠡᠬᠦ ᠮᠥᠩᠭᠦ ᠵᠡᠷᠭᠡ ᠡᠯ᠎ᠡ ᠲᠥᠷᠥᠯ ᠤᠨ | ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 6.28 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠪᠤᠷᠠᠨ ᠲᠤᠰᠠᠯᠠᠬᠤ ᠪᠠᠲᠤᠯᠠᠭ᠎ᠠ ᠶᠢ ᠨᠡᠶᠢᠲᠡ | 21.56 ᠲᠦᠮᠡᠨ ᠬᠥᠮᠥᠨ ᠤᠳᠠᠭ᠎ᠠ ᠭᠥᠷᠳᠡᠪᠡ᠃ | ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠲᠦᠮᠵᠢᠲᠡᠢ ᠪᠡᠶᠡᠯᠡᠭᠦᠯᠪᠡ᠃ 2023 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ | ᠨᠢᠭᠡᠨᠲᠡ ᠶᠠᠳᠠᠭᠤ ᠠᠴᠠ ᠠᠩᠭᠢᠵᠢᠷᠠᠭᠤᠯᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ 23353 | ᠪᠠᠶᠢᠵᠤ᠂ ᠦᠨᠳᠦᠰᠦᠨ ᠵᠦᠢᠯ ᠢ ᠪᠠᠲᠤᠯᠠᠬᠤ ᠬᠡᠪᠴᠢᠶᠡᠨ ᠳᠤ 13786 ᠣᠷᠣᠵᠤ᠂ ᠨᠢᠭᠡᠨᠲᠡ ᠶᠠᠳᠠᠭᠤ ᠠᠴᠠ ᠠᠩᠭᠢᠵᠢᠷᠠᠭᠤᠯᠤᠨ ᠲᠥᠷᠥ ᠶᠢᠨ ᠪᠣᠳᠣᠯᠭ᠎ᠠ ᠶᠢ | ᠭᠥᠷᠳᠡᠵᠦ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠲᠣᠭᠠᠨ ᠤ 59% ᠶᠢ ᠡᠵᠡᠯᠡᠪᠡ᠃ 2024 ᠣᠨ ᠤ ︽ᠬᠤᠶᠠᠷ ᠪᠠᠶᠠᠷ ᠤᠨ ᠡᠳᠦᠷ︾ ᠤᠨ | ᠬᠤᠭᠤᠴᠠᠭᠠᠨ ᠳᠤ᠂ ᠮᠠᠨ ᠤ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ 94253 ᠬᠥᠮᠥᠨ ᠤᠳᠠᠭ᠎ᠠ ᠶᠢᠨ ᠬᠦᠴᠢᠷᠳᠡᠯᠲᠡᠢ ᠣᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠵᠢᠴᠢ ᠲᠣᠬᠤᠨᠢᠭᠤᠯᠬᠤ ᠮᠥᠩᠭᠦ | ᠵᠡᠷᠭᠡ ᠨᠡᠶᠢᠲᠡ 881.51 ᠲᠦᠮᠡᠨ ᠲᠥᠭᠦᠷᠢᠭ ᠤᠨ ᠠᠮᠢᠳᠤᠷᠠᠯ ᠤᠨ ᠡᠳ᠋ ᠪᠣᠳᠠᠰ ᠲᠠᠷᠬᠠᠭᠠᠭᠰᠠᠨ ᠪᠠᠶᠢᠨ᠎ᠠ᠃ | ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠨᠡᠩ ᠵᠢᠷᠤᠮᠵᠢᠭᠤᠨ᠂ ᠨᠠᠷᠢᠯᠢᠭ ᠣᠨᠣᠴᠠᠲᠠᠢ᠂ ᠴᠠᠭ ᠲᠤᠬᠠᠢ ᠳᠤᠨᠢ ᠬᠡᠷᠡᠭᠵᠢᠭᠦᠯᠪᠡ᠃ ᠤᠷᠢᠳ ᠬᠤᠵᠢᠳ ︽ | ᠪᠠᠶᠠᠨᠨᠠᠭᠤᠷ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ︽ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠣᠳᠠᠲᠠᠢ | ᠠᠷᠭ᠎ᠠ ᠬᠡᠮᠵᠢᠶ᠎ᠡ︾ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠢᠨᠠᠨ ᠬᠠᠷᠭᠤᠭᠤᠯᠵᠤ ᠨᠤᠲᠠᠯᠠᠬᠤ ᠮᠠᠲ᠋ᠧᠷᠢᠶᠠᠯ ᠪᠠ ᠲᠠᠰ ᠳᠠᠷᠠᠭᠠᠯᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠳᠥᠭᠦᠮᠴᠢᠯᠡᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ | ᠲᠤᠰᠠᠯᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠣᠨᠣᠪᠴᠢᠲᠠᠶ ᠮᠠᠭᠠᠳᠯᠠᠨ ᠲᠣᠭᠲᠠᠭᠠᠵᠤ᠂ ᠴᠠᠭ ᠲᠤᠬᠠᠢ ᠳᠤᠨᠢ ᠠᠪᠤᠷᠠᠨ ᠲᠤᠰᠠᠯᠠᠬᠤ ᠶᠢ ᠦᠨᠡᠨᠬᠦ ᠪᠡᠶᠡᠯᠡᠭᠦᠯᠵᠦ᠂ | ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ︾ ᠶᠢ ᠪᠡᠶᠡᠯᠡᠭᠦᠯᠬᠦ ᠬᠡᠷᠡᠭᠲᠡᠢ᠃ | | | |