ᠮᠠᠨ ᠤ ᠬᠤᠲᠠ ᠶᠢᠨ ᠬᠤᠶᠠᠷ ᠪᠦᠲᠦᠭᠡᠭᠳᠡᠬᠦᠨ ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2024/4/22
      ᠣᠶᠢᠷ᠎ᠠ ᠳᠤ᠂ 2024 ᠣᠨ ᠳᠤ ᠠᠩᠬᠠᠳᠠᠭᠴᠢ ᠪᠦᠯᠦᠭ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠵᠠᠷᠯᠠᠨ ᠨᠡᠶᠢᠲᠡᠯᠡᠵᠦ᠂ ᠮᠠᠨ ᠤ ᠬᠤᠲᠠ ᠶᠢᠨ ᠯᠢᠨ ᠾᠧ ᠶᠢᠨ ᠪᠠ ᠮᠧᠶ ᠮᠢᠬᠠᠨ ᠤ ᠬᠤᠨᠢ ᠪᠠ ᠦᠶᠤᠸᠠᠨ ᠤ ᠠᠯᠢᠮ᠎ᠠ ᠰᠣᠩᠭᠤᠭᠳᠠᠪᠠ᠃       ᠣᠶᠢᠯᠠᠭᠠᠭᠰᠠᠨ ᠢᠶᠠᠷ᠂ ᠪᠦᠬᠦ ᠤᠯᠤᠰ ᠤᠨ ᠨᠠᠷᠠᠲᠠᠢ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠬᠤ ᠳᠤ ᠴᠢᠩᠭ᠎ᠠ ᠨᠢᠮᠪᠠᠢ ᠬᠢᠨᠠᠨ ᠰᠢᠯᠭᠠᠷᠠᠭᠤᠯᠬᠤ ᠳᠡᠰ ᠳᠠᠷᠠᠭ᠎ᠠ  ᠶᠢ ᠳᠠᠮᠵᠢᠬᠤ ᠬᠡᠷᠡᠭᠲᠡᠢ᠂ ᠦᠢᠯᠡᠳᠬᠦᠨ ᠤ ᠦᠢᠯᠡᠳᠪᠦᠷᠢᠯᠡᠯ ᠤᠨ ᠨᠢᠭᠡᠴᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠦᠢᠯᠡᠳᠬᠦᠨ ᠤ ᠰᠢᠨᠵᠢ ᠪᠠᠶᠢᠳᠠᠯ ᠤᠨ ᠣᠨᠴᠠᠯᠢᠭ᠂ ᠭᠠᠷᠤᠯᠲᠠ ᠶᠢᠨ ᠣᠷᠣᠨ ᠤ ᠪᠠᠶᠢᠭᠠᠯᠢ ᠶᠢᠨ ᠣᠷᠴᠢᠨ ᠲᠣᠭᠤᠷᠢᠨ ᠤ ᠪᠠᠶᠢᠳᠠᠯ᠂ ᠲᠥᠷᠥᠯ ᠵᠦᠢᠯ ᠤᠨ ᠢᠷᠡᠯᠲᠡ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠪᠢᠴᠢᠯ ᠡᠯᠧᠮᠧᠨ᠋ᠲ ᠵᠡᠷᠭᠡ ᠰᠢᠮ᠎ᠡ ᠲᠡᠵᠢᠭᠡᠯ ᠤᠨ ᠪᠦᠷᠢᠯᠳᠦᠭᠦᠨ ᠵᠢᠴᠢ ᠬᠡᠷᠡᠭᠯᠡᠭᠴᠢᠳ ᠤᠨ ᠲᠤᠰᠬᠠᠯ ᠵᠡᠷᠭᠡ ᠠᠭᠤᠯᠭ᠎ᠠ  ᠶᠢ ᠬᠠᠩᠭᠠᠬᠤ ᠬᠡᠷᠡᠭᠲᠡᠢ᠃ ᠲᠤᠰᠬᠠᠢ ᠣᠷᠣᠨ ᠬᠤᠳᠠ ᠶᠢᠨ ᠱᠠᠲᠤ᠂ ᠮᠤᠵᠢ ᠶᠢᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠪᠠ ᠴᠢᠨᠠᠷᠵᠢᠭᠤᠯᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠪᠠᠶᠢᠭᠤᠯᠤᠮᠵᠢ ᠪᠠᠷ ᠬᠢᠨᠠᠨ ᠬᠠᠷᠠᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠲᠥᠪ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠮᠡᠷᠭᠡᠵᠢᠯ ᠤᠨ ᠬᠢᠨᠠᠨ ᠲᠣᠭᠲᠠᠭᠠᠯᠲᠠ ᠬᠢᠯᠭᠡᠵᠦ᠂ ᠪᠦᠲᠦᠭᠡᠭᠳᠡᠬᠦᠨ ᠨᠢ ︽ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠶᠢ ᠴᠤᠭᠯᠠᠭᠤᠯᠤᠨ ᠲᠡᠮᠳᠡᠭᠯᠡᠬᠦ ᠳᠦᠷᠢᠮᠵᠢᠯ︾ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠵᠤ ᠴᠢᠳᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ