ᠮᠠᠨ ᠤ ᠬᠤᠲᠠ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/4/22
      ᠨᠢᠳᠤᠨᠤᠨ ᠠᠴᠠ  ᠨᠠᠭᠠᠰᠢ᠂ ᠮᠠᠨ ᠤ ᠬᠤᠲᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠨᠠᠷᠢᠯᠢᠭᠵᠢᠭᠤᠯᠵᠤ ᠂ ᠬᠦᠴᠢᠷᠳᠡᠯᠲᠡᠢ ᠣᠯᠠᠨ ᠲᠦᠮᠡᠨ ᠪᠠ ᠣᠨᠴᠠᠭᠠᠶ ᠬᠠᠮᠲᠤᠯᠢᠭ ᠤᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠲᠠᠰᠤᠷᠠᠯᠲᠠ ᠦᠭᠡᠢ ᠨᠢᠭᠲᠠ ᠰᠦᠯᠵᠢᠵᠦ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠰᠠᠭᠤᠷᠢ ᠶᠢ ᠨᠠᠩ ᠪᠠᠲᠤᠳᠬᠠᠪᠠ᠃       ᠡᠯ᠎ᠡ ᠲᠦᠷᠦᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 2023 ᠣᠨ ᠤ ᠡᠴᠦᠰ ᠪᠣᠯᠲᠠᠯ᠎ᠠ᠂ ᠮᠠᠨ ᠤ ᠬᠤᠲᠠ ᠶᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠣᠰ ᠲᠣᠰ 790 ᠲᠥᠭᠦᠷᠢᠭ / ᠰᠠᠷ᠎ᠠ ᠪᠠ 605 ᠲᠥᠭᠦᠷᠢᠭ / ᠰᠠᠷ᠎ᠠ ᠳᠤ ᠬᠦᠷᠴᠦ᠂ 2022 ᠣᠨ ᠤ ᠬᠢ ᠲᠠᠢ ᠬᠠᠷᠢᠴᠠᠭᠤᠯᠪᠠᠯ ᠲᠣᠰ ᠲᠣᠰ 2.3% ᠪᠠ 7.8% ᠪᠠᠷ ᠳᠡᠭᠡᠭᠰᠢᠯᠡᠵᠡᠢ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠰ ᠲᠣᠰ 1308 ᠲᠥᠭᠦᠷᠢᠭ / ᠰᠠᠷ᠎ᠠ ᠪᠠ 878 ᠲᠥᠭᠦᠷᠢᠭ / ᠰᠠᠷ᠎ᠠ ᠳᠤ ᠬᠦᠷᠦᠭᠦᠯᠵᠦ᠂ 2022 ᠣᠨ ᠤ ᠪᠠᠷᠢᠮᠵᠢᠶ᠎ᠠ ᠯᠤᠭ᠎ᠠ ᠬᠤᠪᠢᠷᠠᠭᠤᠯᠬᠤ ᠦᠭᠡᠢ ᠪᠠᠶᠢᠯᠭᠠᠨ᠎ᠠ᠃ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠰᠠᠯᠭᠠᠨ ᠠᠰᠠᠷᠠᠨ ᠲᠡᠵᠢᠭᠡᠬᠦ ᠥᠨᠥᠴᠢᠨ ᠬᠡᠦᠬᠡᠳ ᠵᠢᠴᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ 2174 ᠲᠥᠭᠦᠷᠢᠭ / ᠰᠠᠷ᠎ᠠ ᠪᠠ 1857 ᠲᠥᠭᠦᠷᠢᠭ / ᠰᠠᠷ᠎ᠠ ᠳᠤ ᠬᠦᠷᠭᠡᠵᠦ᠂ 2022 ᠣᠨ ᠤ ᠬᠢ ᠠᠴᠠ ᠲᠣᠰ ᠲᠣᠰ 15% ᠪᠠ 23% ᠪᠠᠷ ᠳᠡᠭᠡᠭᠰᠢᠯᠡᠭᠦᠯᠪᠡ᠃       ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠨᠢ ᠣᠯᠭᠤᠨ᠎ᠠ᠃ 2023 ᠣᠨ ᠳᠤ᠂ ᠪᠥᠬᠦ ᠬᠤᠲᠠ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠨ᠂ ᠲᠦᠷ ᠴᠠᠭ ᠤᠨ ᠠᠪᠤᠷᠠᠨ ᠲᠤᠰᠠᠯᠠᠯᠲᠠ᠂ ᠵᠡᠮᠳᠡᠭᠴᠦᠳ ᠤᠨ ︽ᠬᠤᠶᠠᠷ ᠢ ᠨᠥᠬᠦᠪᠦᠷᠢᠯᠡᠬᠦ︾᠂ ᠥᠨᠳᠥᠷ ᠨᠠᠰᠤᠨ ᠤ ᠨᠡᠮᠡᠭᠦᠷᠢ᠂ ᠥᠨᠥᠴᠢᠨ ᠬᠡᠦᠬᠡᠳ ᠢ ᠠᠰᠠᠷᠠᠨ ᠲᠡᠵᠢᠭᠡᠬᠦ ᠮᠥᠩᠭᠦ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 6.28 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠪᠤᠷᠠᠨ ᠲᠤᠰᠠᠯᠠᠬᠤ ᠪᠠᠲᠤᠯᠠᠭ᠎ᠠ ᠶᠢ ᠨᠡᠶᠢᠲᠡ 21.56 ᠲᠦᠮᠡᠨ ᠬᠥᠮᠥᠨ ᠤᠳᠠᠭ᠎ᠠ ᠭᠥᠷᠳᠡᠪᠡ᠃       ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠲᠦᠮᠵᠢᠲᠡᠢ ᠪᠡᠶᠡᠯᠡᠭᠦᠯᠪᠡ᠃ 2023 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠨᠢᠭᠡᠨᠲᠡ ᠶᠠᠳᠠᠭᠤ  ᠠᠴᠠ ᠠᠩᠭᠢᠵᠢᠷᠠᠭᠤᠯᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠶᠠᠳᠠᠭᠤ  ᠠᠴᠠ ᠠᠩᠭᠢᠵᠢᠷᠠᠭᠤᠯᠤᠭᠰᠠᠨ ᠬᠥᠮᠥᠨ ᠠᠮᠠ 23353 ᠪᠠᠶᠢᠵᠤ᠂ ᠦᠨᠳᠦᠰᠦᠨ ᠵᠦᠢᠯ ᠢ ᠪᠠᠲᠤᠯᠠᠬᠤ ᠬᠡᠪᠴᠢᠶᠡᠨ ᠳᠤ 13786 ᠣᠷᠣᠵᠤ᠂ ᠨᠢᠭᠡᠨᠲᠡ ᠶᠠᠳᠠᠭᠤ  ᠠᠴᠠ ᠠᠩᠭᠢᠵᠢᠷᠠᠭᠤᠯᠤᠨ ᠲᠥᠷᠥ ᠶᠢᠨ ᠪᠣᠳᠣᠯᠭ᠎ᠠ ᠶᠢ ᠭᠥᠷᠳᠡᠵᠦ ᠶᠠᠳᠠᠭᠤ  ᠠᠴᠠ ᠠᠩᠭᠢᠵᠢᠷᠠᠭᠤᠯᠤᠭᠰᠠᠨ ᠬᠥᠮᠥᠨ ᠠᠮᠠ ᠶᠢᠨ ᠲᠣᠭᠠᠨ ᠤ 59% ᠶᠢ ᠡᠵᠡᠯᠡᠪᠡ᠃ 2024 ᠣᠨ ᠤ ︽ᠬᠤᠶᠠᠷ ᠪᠠᠶᠠᠷ ᠤᠨ ᠡᠳᠦᠷ︾ ᠤᠨ ᠬᠤᠭᠤᠴᠠᠭᠠᠨ ᠳᠤ᠂ ᠮᠠᠨ ᠤ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ 94253 ᠬᠥᠮᠥᠨ ᠤᠳᠠᠭ᠎ᠠ ᠶᠢᠨ ᠬᠦᠴᠢᠷᠳᠡᠯᠲᠡᠢ ᠣᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠵᠢᠴᠢ ᠲᠣᠬᠤᠨᠢᠭᠤᠯᠬᠤ ᠮᠥᠩᠭᠦ ᠵᠡᠷᠭᠡ ᠨᠡᠶᠢᠲᠡ 881.51 ᠲᠦᠮᠡᠨ ᠲᠥᠭᠦᠷᠢᠭ ᠤᠨ ᠠᠮᠢᠳᠤᠷᠠᠯ ᠤᠨ ᠡᠳ᠋ ᠪᠣᠳᠠᠰ ᠲᠠᠷᠬᠠᠭᠠᠭᠰᠠᠨ ᠪᠠᠶᠢᠨ᠎ᠠ᠃       ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠨᠡᠩ ᠵᠢᠷᠤᠮᠵᠢᠭᠤᠨ᠂ ᠨᠠᠷᠢᠯᠢᠭ ᠣᠨᠣᠴᠠᠲᠠᠢ᠂ ᠴᠠᠭ ᠲᠤᠬᠠᠢ ᠳᠤᠨᠢ ᠬᠡᠷᠡᠭᠵᠢᠭᠦᠯᠪᠡ᠃ ᠤᠷᠢᠳ ᠬᠤᠵᠢᠳ ︽ᠪᠠᠶᠠᠨᠨᠠᠭᠤᠷ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ︽ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠪᠣᠳᠠᠲᠠᠢ ᠠᠷᠭ᠎ᠠ ᠬᠡᠮᠵᠢᠶ᠎ᠡ︾ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠢᠨᠠᠨ ᠬᠠᠷᠭᠤᠭᠤᠯᠵᠤ ᠨᠤᠲᠠᠯᠠᠬᠤ ᠮᠠᠲ᠋ᠧᠷᠢᠶᠠᠯ ᠪᠠ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠥᠭᠦᠮᠴᠢᠯᠡᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠣᠨᠣᠪᠴᠢᠲᠠᠶ ᠮᠠᠭᠠᠳᠯᠠᠨ ᠲᠣᠭᠲᠠᠭᠠᠵᠤ᠂ ᠴᠠᠭ ᠲᠤᠬᠠᠢ ᠳᠤᠨᠢ ᠠᠪᠤᠷᠠᠨ ᠲᠤᠰᠠᠯᠠᠬᠤ ᠶᠢ ᠦᠨᠡᠨᠬᠦ ᠪᠡᠶᠡᠯᠡᠭᠦᠯᠵᠦ᠂ ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ︾ ᠶᠢ ᠪᠡᠶᠡᠯᠡᠭᠦᠯᠬᠦ ᠬᠡᠷᠡᠭᠲᠡᠢ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ