ᠡᠨᠡ ᠵᠢᠯ ᠠᠴᠠ ᠨᠠᠰᠢ᠂ ᠮᠠᠨ ᠤ ᠬᠤᠲᠠ ᠢᠵᠢ ᠳᠣᠲᠣᠷᠠᠬᠢ ᠬᠡᠰᠡᠭ ᠪᠤᠰᠠᠭ ᠡᠯᠡᠰᠦᠨ ᠲᠣᠪᠤ ᠶᠢ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠵᠢᠯ ᠤᠨ ᠳᠣᠲᠣᠷ᠎ᠠ 3.64 ᠲᠦᠮᠡᠨ ᠮᠦ ᠲᠠᠯᠠᠪᠠᠶ ᠶᠢ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠪᠥᠬᠦ ᠬᠤᠲᠠ ᠶᠢᠨ ᠪᠣᠷᠣᠳᠣᠬᠤᠢ ᠣᠷᠣᠨ ᠳᠤ ᠨᠡᠶᠢᠲᠡ 5.27 ᠲᠦᠮᠡᠨ ᠮᠦ ᠬᠡᠰᠡᠭ ᠪᠤᠰᠠᠭ ᠡᠯᠡᠰᠦᠨ ᠲᠣᠪᠤ ᠶᠢ ᠵᠠᠰᠠᠵᠤ ᠪᠣᠯᠬᠤ | ᠪᠥᠭᠡᠳ 6 ᠬᠤᠰᠢᠭᠤ ᠰᠢᠶᠠᠨ ᠲᠣᠭᠤᠷᠢᠭ᠂ 28 ᠰᠤᠮᠤ ᠪᠠᠯᠭᠠᠰᠤ ︵ᠣᠶ ᠰᠢᠭᠤᠢ ᠶᠢᠨ ᠲᠠᠯᠠᠪᠠᠶ᠂ ᠲᠠᠷᠢᠶᠠᠯᠠᠩ ᠤᠨ ᠲᠠᠯᠠᠪᠠᠶ︶᠂ 78 ᠭᠠᠴᠠᠭ᠎ᠠ ᠲᠣᠰᠬᠤᠨ ︵ | ᠠᠵᠢᠯᠯᠠᠬᠤ ᠲᠣᠭᠤᠷᠢᠭ᠂ ᠬᠤᠪᠢᠶᠠᠷᠢ ᠲᠠᠯᠠᠪᠠᠶ︶ ᠳᠤ ᠬᠤᠯᠪᠣᠭᠳᠠᠵᠤ᠂ 2024 ᠣᠨ ᠳᠤ 3.64 ᠲᠦᠮᠡᠨ ᠮᠦ᠂ 2025 ᠣᠨ ᠳᠤ 1.63 ᠲᠦᠮᠡᠨ ᠮᠦ | ᠵᠠᠰᠠᠬᠤ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠭᠡᠷ ᠤᠨ ᠳᠣᠲᠣᠷᠠᠬᠢ ᠡᠯ᠎ᠡ ᠬᠤᠰᠢᠭᠤ ᠰᠢᠶᠠᠨ ᠲᠣᠭᠤᠷᠢᠭ ᠨᠢᠭᠡᠨᠲᠡ ᠲᠤᠬᠠᠢ ᠶᠢᠨ ᠭᠠᠵᠠᠷ ᠤᠨ | ᠪᠠᠶᠢᠴᠠᠭᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠵᠠᠰᠠᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ | ᠲᠣᠳᠣᠷᠬᠠᠶᠢᠯᠠᠨ᠂ ᠵᠠᠰᠠᠬᠤ ᠠᠵᠢᠯ ᠢ ᠶᠠᠭ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 0.97 ᠲᠦᠮᠡᠨ ᠮᠦ ᠶᠢᠨ ᠵᠠᠰᠠᠬᠤ ᠲᠠᠯᠠᠪᠠᠶ ᠶᠢ ᠨᠢᠭᠡᠨᠲᠡ ᠪᠡᠶᠡᠯᠡᠭᠦᠯᠪᠡ᠂ | ᠡᠭᠦᠨ ᠳᠤ᠂ 0.48 ᠲᠦᠮᠡᠨ ᠮᠦ ᠶᠢᠨ ᠬᠥᠮᠥᠨ ᠤ ᠬᠦᠴᠦ ᠪᠠᠷ ᠣᠶᠢᠵᠢᠭᠤᠯᠵᠤ᠂ ᠢᠨᠵᠧᠨᠧᠷᠢᠩ ᠢᠶᠠᠷ 0.05 ᠲᠦᠮᠡᠨ ᠮᠦ ᠶᠢᠨ ᠡᠯᠡᠰᠦ ᠶᠢ | ᠲᠣᠭᠲᠠᠪᠤᠷᠢᠵᠢᠭᠤᠯᠵᠤ᠂ 0.33 ᠲᠦᠮᠡᠨ ᠮᠦ ᠶᠢᠨ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ ᠪᠤᠰᠤᠳ ᠠᠷᠭ᠎ᠠ ᠪᠠᠷ 0.11 ᠲᠦᠮᠡᠨ ᠮᠦ ᠶᠢ ᠵᠠᠰᠠᠪᠠ᠃ | | | |