ᠠᠴᠢᠲᠤ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 66 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2024/4/29
      4 ᠰᠠᠷ᠎ᠠ ᠶᠢᠨ 20᠎ ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 66 ᠳ᠋ᠤᠭᠠᠷ ᠣᠳᠠᠭᠠᠨ ᠤ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠸᠠᠩ ᠶᠦᠩ᠂ ᠰᠢᠶᠠᠨ ᠤ ᠤᠳᠤᠷᠢᠳᠤᠯᠭ᠎ᠠ ᠵᠠᠩ ᠷᠧᠨ ᠷᠠᠨ᠂ ᠯᠢ ᠳ᠋ᠦᠩ᠂ ᠣᠶᠤᠨᠳᠠᠯᠠᠢ᠂ ᠬᠤᠤ ᠶᠣᠣ ᠹᠧᠨ᠂ ᠭᠦᠸᠧ ᠯᠢᠶᠠᠨ ᠶᠤᠸᠠᠢ᠂ ᠯᠢᠦ ᠬᠤᠩ ᠬᠤᠤ ᠨᠠᠷ ᠬᠤᠷᠠᠯ ᠳᠤ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠧ ᠹᠧᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠨ ᠮᠧᠢ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠭᠰᠠᠨ ᠪᠥᠭᠡᠳ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠱᠠᠭᠠᠷᠳᠠᠭᠰᠠᠨ ᠨᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠣᠬᠢᠷᠲᠤᠯ ᠦᠭᠡᠢ ᠵᠠᠮ ᠢᠶᠠᠷ ᠰᠠᠶᠢᠲᠤᠷ ᠵᠠᠮᠨᠠᠵᠤ᠂ ᠠᠵᠤ ᠦᠢᠯᠡᠰ ᠤᠨ ᠪᠦᠬᠦ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾᠎ ᠤᠨ ᠲᠤᠷᠰᠢᠯᠭ᠎ᠠ ᠶᠢᠨ ᠣᠨᠣᠯᠵᠢᠬᠤᠨ ᠠᠷᠭ᠎ᠠ ᠶᠢ ᠣᠨᠣᠪᠴᠢᠲᠠᠢ ᠡᠵᠡᠮᠳᠡᠵᠦ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠲᠤᠬᠠᠢ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ︽ᠠᠵᠢᠯ ᠤᠨ ᠪᠦᠲᠦᠮᠵᠢ ᠶᠢᠨ ᠢᠨᠵᠧᠨᠧᠷᠢᠩ︾᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾᠎ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ︽ᠬᠤᠷᠤᠭᠤᠨ ᠦᠵᠦᠭᠦᠷ ᠤᠨ ᠬᠡᠯᠪᠡᠷᠢᠴᠢ ᠦᠵᠡᠯ︾᠎ ᠢ ᠶᠡᠬᠡᠪᠡᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠯᠠᠵᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ᠃ ᠳᠠᠷᠤᠭᠠᠰᠤ ᠶᠢ ᠬᠥᠩᠭᠡᠷᠡᠭᠦᠯᠬᠦ ᠳᠤ ᠡᠭᠦᠷᠭᠡ ᠶᠢ ᠬᠠᠰᠤᠬᠤ ᠦᠭᠡᠢ᠂ ᠠᠵᠢᠯ ᠤᠨ ᠡᠷᠴᠢᠮ ᠢ ᠬᠠᠰᠤᠬᠤ ᠦᠭᠡᠢ ᠪᠠᠶᠢᠬᠤ ᠶᠢ ᠪᠠᠷᠢᠮᠲᠠᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠬᠢᠨᠠᠨ ᠪᠠᠶᠢᠴᠠᠭᠠᠵᠤ ᠵᠠᠷᠯᠠᠨ ᠮᠡᠳᠡᠭᠳᠡᠬᠦ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠱᠠᠯᠠᠪᠳᠠᠭᠤᠯᠬᠤ ᠬᠡᠷᠡᠭᠲᠡᠢ ᠭᠡᠪᠡ᠃      ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠦ᠋ ᠵᠢᠶᠦ᠋ᠨ ᠤ ᠬᠤᠰᠢᠭᠤᠴᠢ︾᠎ ᠶᠢᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠴᠢᠳᠠᠪᠤᠷᠢᠲᠠᠨ ᠤ ᠬᠥᠳᠡᠯᠦᠩᠭᠦᠢ ᠬᠠᠮᠢᠶᠠᠷᠤᠯᠲᠠ ᠶᠢᠨ ᠳᠦᠷᠢᠮ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠵᠠᠭᠤᠴᠢᠯᠠᠭᠤᠷ ᠢ ᠰᠠᠶᠢᠲᠤᠷ ᠬᠡᠷᠡᠭᠯᠡᠵᠦ ︽ᠦᠶᠤᠸᠠᠨ ᠤ ᠦᠯᠢᠭᠡᠷ︾᠎ ᠢ ᠰᠠᠶᠢᠲᠤᠷ ᠶᠠᠷᠢᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠡᠭᠦᠳᠦᠨ ᠪᠠᠶᠢᠭᠤᠯᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠬᠢᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠪᠡ᠃      ᠬᠤᠷᠠᠯ ᠠᠴᠠ ᠪᠦᠬᠦ ᠣᠷᠣᠨ᠂ ᠪᠦᠬᠦ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ︽ᠶᠠᠪᠠᠭᠠᠨ ᠲᠡᠷᠭᠡ︾᠎ ᠶᠢ ᠵᠠᠰᠠᠬᠤ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠰᠠᠯᠠᠭ᠎ᠠ ᠮᠥᠴᠢᠷ ᠡᠭᠦᠷᠭᠡ ᠶᠢᠨ ᠨᠠᠷᠢᠨ ᠬᠠᠭᠤᠳᠠᠰᠤ ᠲᠠᠢ ᠨᠢᠭᠡᠳ ᠨᠢᠭᠡ ᠪᠠᠷ ᠬᠠᠷᠭᠤᠭᠤᠯᠵᠤ᠂ ︽ᠪᠢᠴᠢᠬᠠᠨ ᠮᠣᠷᠢ︾᠎ ᠳᠤ ᠡᠨᠧᠷᠭᠢ ᠣᠯᠭᠤᠵᠤ᠂ ︽ᠲᠣᠮᠣ ᠲᠡᠷᠭᠡ︾᠎ ᠶᠢᠨ ᠳᠠᠷᠤᠭᠠᠰᠤ ᠶᠢ ᠬᠥᠩᠭᠡᠷᠡᠭᠦᠯᠵᠦ᠂ ᠨᠠᠩ ᠣᠯᠠᠨ ᠡᠬᠢ ᠪᠠᠶᠠᠯᠢᠭ ᠤᠨ ᠲᠥᠷᠥᠯ ᠵᠦᠢᠯ ᠢ ᠦᠨᠳᠦᠰᠦᠨ ᠱᠠᠲᠤ ᠳᠠᠰᠢ ᠬᠡᠯᠪᠠᠶᠢᠯᠭᠡᠬᠦ ᠶᠢ ᠨᠢᠭᠡᠳᠦᠯᠲᠡᠢ ᠲᠥᠯᠥᠪᠵᠢᠭᠦᠯᠵᠦ᠂ ᠱᠠᠲᠤ ᠳᠠᠷᠠᠭᠠᠯᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠭᠦᠷᠭᠡᠯᠡᠵᠦ ᠪᠠᠶᠢᠭ᠎ᠠ ᠵᠦᠢᠯᠡᠰ ᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠵᠥᠪᠳᠡᠯᠴᠡᠨ ᠢᠯᠭᠠᠨ ᠲᠣᠳᠣᠯᠠᠵᠤ᠂ ᠵᠦᠢᠯ ᠳᠠᠷᠠᠭᠠᠯᠠᠨ ᠰᠢᠯᠢᠳᠡᠭᠵᠢᠭᠦᠯᠦᠨ ᠴᠣᠮᠬᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠳᠡᠭᠡᠭᠰᠢ ᠳᠠᠮᠵᠢᠭᠤᠯᠵᠤ ᠳᠣᠷᠣᠭᠰᠢ ᠪᠠᠭᠤᠯᠭᠠᠬᠤ᠂ ᠵᠥᠷᠢᠴᠡᠯ ᠢ ᠠᠷᠢᠯᠭᠠᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ  ᠭᠡᠪᠡ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ︽ᠬᠤᠶᠠᠷ ᠳᠦᠷᠢᠮ ᠨᠢᠭᠡ ᠨᠠᠷᠢᠨ ᠳᠦᠷᠢᠮ︾᠂ ᠲᠤᠰᠬᠠᠢ ᠳᠤᠭᠤᠶᠢᠯᠠᠩ ᠤᠨ ᠪᠦᠷᠢᠯᠳᠦᠭᠦᠨ ᠤ ᠰᠠᠨᠠᠭᠤᠯᠭ᠎ᠠ ᠶᠢᠨ ᠨᠡᠷᠡᠰ ᠵᠢᠴᠢ ︽2024 ᠣᠨ ᠤ ᠠᠵᠢᠯ ᠤᠨ ᠭᠤᠣᠯᠳᠠᠯᠭ᠎ᠠ︾᠎ ᠶᠢ ᠶᠠᠷᠢᠯᠴᠠᠨ ᠪᠠᠲᠤᠯᠠᠪᠠ᠃ ᠬᠤᠷᠠᠯ ᠠᠴᠠ ᠱᠠᠭᠠᠷᠳᠠᠭᠰᠠᠨ ᠨᠢ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠪᠣᠳᠠᠲᠠᠢ ᠳᠤ ᠰᠠᠭᠤᠷᠢᠯᠠᠵᠤ᠂ ᠰᠦᠪᠡᠭᠴᠢᠯᠡᠬᠦ ᠶᠢᠨ ᠳᠠᠭᠠᠤ ᠦᠢᠯᠡᠳᠦᠯᠭᠡᠵᠢᠭᠦᠯᠵᠦ᠂ ᠨᠢᠭᠡ ᠲᠠᠯ᠎ᠠ ᠪᠠᠷ ᠳ᠋ᠦᠩᠨᠡᠵᠦ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ᠃ ᠥᠭᠡᠷᠡᠴᠢᠯᠡᠯᠲᠡ ᠶᠢ ᠬᠢᠨᠠᠨ ᠵᠢᠯᠤᠭᠤᠳᠬᠤ ᠶᠢ ᠰᠠᠶᠢᠲᠤᠷ ᠠᠳᠬᠤᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠢᠨᠠᠨ ᠰᠢᠯᠭᠠᠵᠤ ᠤᠷᠮᠠᠰᠢᠭᠤᠯᠬᠤ ᠦᠢᠯᠡᠳᠦᠯ ᠢ ᠴᠢᠩᠭᠠᠳᠬᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠦᠬᠦᠢ ᠬᠤᠷᠠᠯ ᠪᠣᠯᠣᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ  ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠲᠤᠰᠬᠠᠯ ᠲᠥᠪᠯᠡᠷᠡᠭᠰᠡᠨ᠂ ᠤᠯᠠᠨ ᠲᠦᠮᠡᠨ ᠤ ᠲᠤᠰᠬᠠᠯ ᠴᠢᠩᠭ᠎ᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠡᠴᠦᠰ ᠤᠨ ᠦᠷ᠎ᠡ ᠪᠦᠲᠦᠮᠵᠢ ᠶᠢ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠡᠭᠡᠷ᠎ᠡ ᠢᠯᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠰᠤᠷᠲᠠᠯ ᠢ ᠳᠡᠭᠡᠭᠰᠢᠯᠡᠭᠦᠯᠬᠦ ᠲᠠᠯ᠎ᠠ ᠪᠠᠷ᠂ ᠣᠷᠣᠨ ᠨᠤᠲᠤᠭ ᠤᠨ ᠤᠯᠤᠰ ᠲᠦᠷᠦ ᠶᠢᠨ ᠠᠮᠢ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ᠂ ᠣᠷᠣᠨ ᠪᠦᠰᠡ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ᠂ ᠣᠷᠣᠨ ᠨᠤᠲᠤᠭ ᠤᠨ ᠤᠯᠤᠰ ᠲᠦᠷᠦ ᠶᠢᠨ ᠠᠮᠢ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ᠂ ᠣᠷᠣᠨ ᠪᠦᠰᠡ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ ᠬᠢᠨᠠᠯᠲᠠ ᠲᠠᠯᠪᠢᠬᠤ ᠶᠢ ᠴᠢᠨᠠᠷ ᠰᠠᠶᠢᠲᠠᠢ ᠪᠦᠲᠦᠮᠵᠢᠲᠡᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ ᠾᠧ ᠸᠧᠢ ᠬᠤᠸᠠ ᠱᠦᠵᠢ ᠦᠶᠤᠸᠠᠨ ᠤ ᠰᠢᠷ᠎ᠠ ᠲᠥᠪᠡᠳ ᠬᠠᠰᠢ ᠶᠢᠨ ᠠᠵᠤ ᠦᠢᠯᠡᠰ ᠤᠨ ᠬᠥᠭᠵᠢᠯᠲᠡ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠬᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠪᠦᠬᠦ ᠰᠢᠶᠠᠨ ᠤ ᠰᠢᠷ᠎ᠠ ᠲᠥᠪᠡᠳ ᠬᠠᠰᠢ᠂ ᠨᠡᠷᠡᠨ ᠬᠤᠸᠠᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠰᠣᠨᠣᠰᠪᠠ᠃ ᠬᠤᠷᠠᠯ ᠠᠴᠠ ᠱᠠᠭᠠᠷᠳᠠᠭᠰᠠᠨ  ᠨᠢ᠂ ᠦᠷ᠎ᠡ ᠪᠤᠶᠢᠵᠢᠭᠤᠯᠬᠤ ᠴᠢᠬᠢ ᠪᠤᠶᠢᠵᠢᠭᠤᠯᠬᠤ᠂ ᠨᠠᠷᠢᠯᠢᠭ ᠡᠳ᠋ᠰᠢᠭᠦᠯᠬᠦ᠂ ᠲᠦᠷᠦᠯ ᠲᠡᠮᠳᠡᠭ ᠢ ᠡᠭᠦᠳᠦᠨ ᠪᠠᠶᠢᠭᠤᠯᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠤᠯᠠᠭᠤᠯᠭ᠎ᠠ ᠵᠡᠷᠭᠡ ᠪᠦᠬᠦ ᠬᠡᠯᠬᠢᠶ᠎ᠡ ᠶᠢᠨ ᠬᠥᠭᠵᠢᠯᠲᠡ ᠶᠢᠨ ᠲᠣᠭᠤᠷᠢᠨ ᠳᠤ᠂ ᠠᠵᠤ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠲᠤᠰᠬᠠᠢ ᠲᠥᠰᠥᠯ ᠢ ᠲᠣᠭᠲᠠᠭᠠᠨ᠂ ᠵᠠᠬ᠎ᠠ ᠳᠡᠯᠭᠡᠭᠦᠷ ᠤᠨ ᠬᠥᠭᠵᠢᠯᠲᠡ ᠶᠢ ᠰᠠᠯᠤᠯ ᠦᠭᠡᠢ ᠳᠠᠭᠠᠵᠤ᠂ ᠦᠶᠤᠸᠠᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠨᠡᠨ ᠠᠴᠠ ᠵᠥᠪ ᠢ ᠡᠷᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠠᠷᠢᠮᠠᠯ ᠤᠨ ᠬᠡᠪᠴᠢᠶ᠎ᠡ ᠶᠢ ᠵᠣᠬᠢᠰᠲᠠᠢ ᠥᠷᠭᠡᠳᠬᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠶᠠᠰᠤ ᠴᠢᠨᠠᠷ ᠢ ᠴᠢᠩᠭ᠎ᠠ ᠡᠵᠡᠮᠳᠡᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ