ᠦᠶᠤᠸᠠᠨ ᠰᠢᠶᠠᠨ ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠭᠠᠴᠤᠳ ᠬᠡᠤᠬᠡᠳ ᠤᠨ ᠦᠰᠦᠨ ᠪᠤᠶᠢᠵᠢᠬᠤ ᠳᠤ ᠡᠨᠧᠷᠭᠢ ᠣᠯᠭᠤᠨ᠎ᠠ
ᠨᠡᠶᠢᠲᠡᠯᠡᠭᠰᠡᠨ ᠴᠠᠭ᠄
2024/4/29
      ᠬᠥᠳᠡᠭᠡ ᠲᠣᠰᠬᠤᠨ ᠤ ᠬᠡᠦᠬᠡᠳ ᠤᠨ ᠬᠢᠴᠢᠶᠡᠯ ᠤᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠳᠤᠲᠠᠭᠤᠳᠠᠯ ᠢ ᠪᠦᠲᠦᠮᠵᠢᠲᠡᠢ ᠨᠥᠬᠦᠪᠦᠷᠢᠯᠡᠬᠦ ᠶᠢᠨ ᠲᠥᠯᠥᠭᠡ᠂  ᠦᠶᠤᠸᠠᠨ ᠰᠢᠶᠠᠨ ︽ᠬᠥᠳᠡᠭᠡ ᠲᠣᠰᠬᠤᠨ ᠤ ᠪᠠᠭᠠᠴᠤᠳ ᠤᠨ ᠣᠷᠳᠣᠨ︾᠎ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠪᠠᠲᠤ ᠴᠢᠩᠭ᠎ᠠ ᠵᠢᠭᠰᠠᠭᠠᠯ ᠤᠨ ᠭᠠᠵᠠᠷ ᠢ ᠴᠢᠷᠮᠠᠶᠢᠨ ᠪᠠᠶᠢᠭᠤᠯᠵᠤ᠂ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠥᠷᠭᠡᠨ ᠤᠯᠠᠨ ᠬᠥᠳᠡᠭᠡ ᠲᠣᠰᠬᠤᠨ ᠤ ᠰᠤᠷᠤᠭᠴᠢᠳ ᠤᠨ ᠬᠦᠰᠡᠯ ᠡᠷᠡᠮᠡᠯᠵᠡᠯ ᠳᠤ ᠳᠠᠯᠠᠪᠴᠢ ᠤᠷᠭᠤᠭᠤᠯᠪᠠ᠃       ᠦᠶᠤᠸᠠᠨ ᠰᠢᠶᠠᠨ ᠤ  ᠲᠣᠭᠤᠷᠢᠬᠤ  ᠪᠠᠭ᠎ᠠ ᠰᠤᠷᠭᠠᠭᠤᠯᠢ ᠳᠤ ᠣᠷᠣᠬᠤ ᠳᠤ᠂ ᠰᠤᠷᠤᠭᠴᠢᠳ ᠶᠠᠭ ᠠᠳᠠᠯᠢ ᠪᠤᠰᠤ ᠬᠢᠴᠢᠶᠡᠯ ᠤᠨ ᠭᠡᠷ ᠲᠤ ᠥᠪᠡᠷ ᠤᠨ ᠳᠤᠷᠠᠲᠠᠢ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠣᠷᠣᠯᠴᠠᠵᠤ ᠪᠠᠶᠢᠨ᠎ᠠ᠂ ᠲᠡᠳᠡᠨ ᠤ ᠵᠠᠷᠢᠮ ᠨᠢ ᠪᠠᠭᠰᠢ ᠶᠢᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠵᠠᠷᠢᠮ ᠨᠢ ᠪᠠᠭᠰᠢ ᠶᠢᠨ ᠵᠢᠯᠣᠭᠤᠳᠤᠯᠭ᠎ᠠ ᠳᠣᠣᠷ᠎ᠠ ᠨᠠᠷᠢᠨ ᠬᠢᠨᠠᠮᠠᠭᠠᠢ ᠠᠵᠢᠯᠯᠠᠵᠤ᠂ ᠬᠡᠦᠬᠡᠳ ᠨᠢᠭᠡᠪᠦᠷᠢ ᠶᠢᠨ ᠴᠢᠷᠠᠢ ᠳᠤ ᠮᠡᠳᠡᠯᠭᠡ ᠰᠤᠷᠬᠤ ᠬᠦᠰᠡᠯ ᠡᠷᠡᠮᠡᠯᠵᠡᠯ ᠪᠣᠯᠣᠨ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃       ᠣᠶᠢᠯᠠᠭᠠᠭᠰᠠᠨ ᠢᠶᠠᠷ᠂ ᠦᠶᠤᠸᠠᠨ ᠰᠢᠶᠠᠨ ᠤ  ᠲᠣᠭᠤᠷᠢᠬᠤ  ᠪᠠᠭ᠎ᠠ ᠰᠤᠷᠭᠠᠭᠤᠯᠢ ᠪᠠᠭᠠᠴᠤᠳ ᠬᠡᠦᠬᠡᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠦᠰᠦᠨ ᠪᠤᠶᠢᠵᠢᠬᠤ ᠲᠠᠪᠴᠠᠩ ᠢ ᠤᠯᠠᠮ ᠨᠢᠭᠡ ᠠᠯᠬᠤᠮ ᠪᠠᠶᠢᠭᠤᠯᠬᠤ ᠶᠢᠨ ᠲᠥᠯᠥᠭᠡ᠂ 2017 ᠣᠨ ᠠᠴᠠ ᠡᠬᠢᠯᠡᠨ᠂ ᠰᠤᠷᠭᠠᠭᠤᠯᠢ ᠳᠤ ᠤᠷᠠᠨ ᠵᠢᠷᠤᠭ ᠤᠨ ᠬᠢᠴᠢᠶᠡᠯ ᠤᠨ ᠭᠡᠷ᠂ ᠳᠠᠭᠤᠤ ᠬᠥᠭᠵᠢᠮ ᠤᠨ ᠬᠢᠴᠢᠶᠡᠯ ᠤᠨ ᠭᠡᠷ᠂ ᠤᠷᠠᠨ ᠪᠢᠴᠢᠯᠭᠡ ᠶᠢᠨ ᠬᠢᠴᠢᠶᠡᠯ ᠤᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠴᠢᠶᠡᠯ ᠤᠨ ᠭᠡᠷ ᠵᠡᠷᠭᠡ ᠣᠨᠴᠠᠯᠢᠭᠲᠤ ᠠᠵᠢᠯᠯᠠᠭᠠᠨ ᠤ ᠲᠠᠯᠠᠪᠤᠷ ᠪᠠᠶᠢᠭᠤᠯᠤᠭᠰᠠᠨ ᠪᠥᠭᠡᠳ ᠵᠣᠬᠢᠶᠠᠨ ᠪᠠᠶᠢᠭᠤᠯᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠴᠢᠩᠭᠠᠳᠬᠠᠬᠤ᠂ ᠦᠢᠯᠡᠴᠢᠯᠡᠭᠡᠨ ᠤ ᠬᠦᠴᠦᠨ ᠢ ᠥᠷᠭᠡᠳᠬᠡᠬᠦ᠂ ᠣᠨᠴᠠᠯᠢᠭᠲᠤ ᠬᠢᠴᠢᠶᠡᠯ ᠢ ᠨᠡᠭᠡᠭᠡᠨ ᠬᠥᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠬᠡᠦᠬᠡᠳ ᠤᠳ ᠢ ᠰᠣᠨᠢᠷᠬᠠᠯᠲᠠᠢ ᠂ ᠪᠦᠲᠦᠮᠵᠢᠲᠡᠶ᠂ ᠣᠯᠠᠨ ᠥᠩᠭᠡᠲᠦ ᠪᠠᠭᠠᠴᠤᠳ ᠤᠨ ᠣᠷᠳᠣᠨ ᠤ ᠠᠵᠢᠯᠯᠠᠭ᠎ᠠ ᠶᠢᠨ ᠳᠤᠮᠳᠠ ᠡᠷᠡᠭᠦᠯ ᠢᠶᠠᠷ ᠦᠰᠦᠨ ᠪᠤᠶᠢᠵᠢᠭᠤᠯᠪᠠ᠃       ᠲᠣᠭᠤᠷᠢᠬᠤ ᠪᠠᠭ᠎ᠠ ᠰᠤᠷᠭᠠᠭᠤᠯᠢ ᠶᠢᠨ ᠰᠤᠷᠤᠭᠴᠢ ᠴᠧᠩ ᠢᠦᠢ ᠯᠢᠩ ᠪᠠᠶᠠᠷᠲᠠᠢ ᠪᠠᠷ ᠬᠡᠯᠡᠭᠰᠡᠨ ᠨᠢ᠄ ︽ᠰᠤᠷᠭᠠᠭᠤᠯᠢ ᠶᠢᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠮᠠᠰᠢ ᠪᠠᠶᠠᠯᠢᠭ ᠠᠭᠤᠯᠭ᠎ᠠ ᠲᠠᠢ᠂ ᠪᠢ ᠣᠷᠣᠯᠴᠠᠵᠤ ᠪᠠᠶᠢᠭ᠎ᠠ ᠨᠢ ᠠᠷᠠᠳ ᠤᠨ ᠬᠥᠭᠵᠢᠮ ᠤᠨ ᠨᠡᠶᠢᠭᠡᠮ ᠤᠨ ᠪᠦᠯᠬᠦᠮ ᠣᠷᠣᠯᠴᠠᠵᠤ᠂ ᠨᠡᠶᠢᠭᠡᠮ ᠤᠨ ᠪᠦᠯᠬᠦᠮ ᠤᠨ ᠰᠤᠷᠤᠯᠴᠠᠯᠭ᠎ᠠ ᠪᠠᠷ ᠳᠡᠮᠵᠢᠨ᠂ ᠳᠠᠭᠤᠤ ᠬᠥᠭᠵᠢᠮ ᠤᠨ ᠲᠤᠬᠠᠢ ᠮᠠᠰᠢ ᠣᠯᠠᠨ ᠮᠡᠳᠡᠯᠭᠡ ᠶᠢ ᠣᠶᠢᠯᠠᠭᠠᠵᠤ᠂ ᠨᠠᠳᠠ ᠶᠢ ᠤᠯᠠᠮ ᠠᠴᠠ ᠤᠯᠠᠮ ᠢᠲᠡᠭᠡᠯ ᠲᠠᠢ ᠪᠣᠯᠭᠠᠨ᠎ᠠ︾ ᠭᠡᠵᠡᠢ᠃       ᠦᠶᠤᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠤᠳᠬ᠎ᠠ ᠵᠣᠬᠢᠶᠠᠯ ᠤᠨ ᠨᠡᠶᠢᠭᠡᠮᠯᠢᠭ᠂ ᠥᠳᠥᠨ ᠪᠥᠮᠪᠦᠭᠡ ᠶᠢᠨ ᠨᠡᠶᠢᠭᠡᠮᠯᠢᠭ᠂ ᠪᠥᠵᠢᠭ ᠤᠨ ᠪᠦᠯᠬᠦᠮ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠶᠢ ᠪᠠᠶᠢᠭᠤᠯᠪᠠ᠃ ᠭᠠᠷᠠᠭ ᠤᠨ ᠬᠤᠶᠠᠷ᠂ ᠭᠠᠷᠠᠭ ᠤᠨ ᠭᠤᠷᠪᠠᠨ ᠪᠣᠯᠣᠨ ᠭᠠᠷᠠᠭ ᠤᠨ ᠳᠥᠷᠪᠡᠨ ᠤ ᠦᠳᠡ ᠶᠢᠨ ᠬᠤᠢᠨᠠᠬᠢ ᠬᠥᠳᠡᠯᠭᠡᠭᠡᠨ ᠤ ᠬᠢᠴᠢᠶᠡᠯ ᠤᠨ ᠴᠠᠭ ᠪᠣᠯᠬᠤ ᠪᠦᠷᠢ ᠳᠤ ᠰᠤᠷᠤᠭᠴᠢᠳ ᠥᠪᠡᠷ ᠤᠨ ᠳᠤᠷᠠᠲᠠᠢ ᠳᠤᠷ᠎ᠠ ᠰᠣᠨᠢᠷᠬᠠᠯ ᠲᠠᠢ ᠪᠥᠯᠬᠦᠮ ᠤᠨ ᠢᠶᠠᠨ ᠵᠦᠭ ᠳᠠᠪᠰᠢᠵᠤ᠂ ᠪᠥᠯᠬᠦᠮ ᠤᠨ ᠬᠥᠳᠡᠯᠭᠡᠭᠡᠨ ᠳᠤ ᠣᠷᠣᠯᠴᠠᠨ᠎ᠠ᠃       ︽ᠰᠤᠷᠭᠠᠭᠤᠯᠢ ᠶᠢᠨ ᠥᠷᠨᠢᠭᠦᠯᠦᠭᠰᠡᠨ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ᠂ ᠪᠢ ᠮᠠᠰᠢ ᠣᠯᠠᠨ ᠨᠣᠮ ᠪᠢᠴᠢᠭ ᠳᠡᠭᠡᠷ᠎ᠡ ᠰᠤᠷᠤᠭᠰᠠᠨ ᠮᠡᠳᠡᠯᠭᠡ ᠦᠭᠡᠢ ᠪᠣᠯᠵᠠᠢ᠂ ᠪᠠᠰᠠ ᠥᠪᠡᠷ ᠢᠶᠠᠨ ᠶᠠᠭᠤ ᠳᠤᠷᠠᠲᠠᠢ᠂ ᠶᠠᠭᠤ ᠳᠤ ᠲᠣᠬᠢᠷᠠᠬᠤ ᠶᠢ ᠨᠠᠳᠠ ᠳᠤ ᠮᠡᠳᠡᠭᠳᠡᠪᠡ᠂ ᠡᠭᠦᠨ ᠤ ᠬᠠᠮᠲᠤ ᠪᠠᠰᠠ ᠮᠠᠰᠢ ᠣᠯᠠᠨ ᠰᠠᠶᠢᠨ ᠨᠠᠶᠢᠵᠠ ᠲᠠᠢ ᠪᠣᠯᠵᠤ᠂ ᠮᠢᠨᠤ ᠵᠠᠩ ᠴᠢᠨᠠᠷ ᠴᠤ ᠤᠯᠠᠮ ᠠᠴᠠ ᠤᠯᠠᠮ ᠰᠠᠷᠠᠭᠤᠯ ᠪᠣᠯᠵᠠᠢ︾ ᠭᠡᠵᠦ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠹᠠᠨ ᠹᠧᠩ ᠴᠢ ᠬᠡᠯᠡᠪᠡ᠃       ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠪᠣᠯ ᠵᠠᠯᠠᠭᠤᠴᠤᠳ ᠪᠠᠭᠠᠴᠤᠳ ᠤᠨ ᠴᠢᠬᠤᠯᠠ ᠠᠵᠢᠯᠯᠠᠭᠠᠨ ᠤ ᠲᠠᠯᠠᠪᠤᠷ ᠮᠥᠨ᠂ ᠪᠠᠰᠠ ᠴᠤ ᠬᠡᠪ ᠴᠢᠨᠠᠷ ᠤᠨ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠠᠴᠢᠶᠠᠯᠠᠪᠤᠷᠢ ᠪᠠ ᠵᠢᠭᠰᠠᠭᠠᠯ ᠤᠨ ᠭᠠᠵᠠᠷ ᠮᠥᠨ᠃ ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠤ ᠡᠯ᠎ᠡ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠮᠪᠥᠭᠡᠨ ᠲᠥᠷᠥᠯ᠂ ᠪᠥᠵᠢᠭ᠂ ᠵᠢᠷᠤᠭ᠂ ᠰᠢᠨᠵᠢᠯᠡᠬᠦ ᠤᠬᠠᠭᠠᠨ ᠮᠡᠷᠭᠡᠵᠢᠯ᠂ ᠤᠷᠠᠨ ᠤᠩᠰᠢᠯᠭ᠎ᠠ ᠵᠡᠷᠭᠡ ᠣᠨᠴᠠᠯᠢᠭᠲᠤ ᠬᠢᠴᠢᠶᠡᠯ ᠢ 20 ᠭᠠᠷᠤᠢ ᠵᠦᠢᠯ ᠨᠡᠭᠡᠭᠡᠵᠦ᠂ ᠥᠷᠭᠡᠨ ᠣᠯᠠᠨ ᠬᠥᠳᠡᠭᠡ ᠲᠣᠰᠬᠤᠨ ᠤ ᠬᠡᠦᠬᠡᠳ ᠢ ᠡᠷᠡᠭᠦᠯ ᠮᠡᠨᠳᠦ᠂ ᠪᠠᠶᠠᠷ ᠬᠥᠷ ᠲᠠᠢ ᠬᠢᠴᠢᠶᠡᠯ ᠤᠨ ᠭᠠᠳᠠᠨᠠᠬᠢ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠪᠠᠶᠠᠷ ᠪᠠᠭ᠋ᠠᠳᠤᠯ ᠢᠶᠠᠷ ᠣᠶᠤᠨ ᠤᠬᠠᠭᠠᠨ ᠢ ᠠᠬᠢᠭᠤᠯᠵᠤ᠂ ᠡᠷᠳᠡᠮ ᠮᠡᠳᠡᠯᠭᠡ ᠲᠠᠢ ᠪᠣᠯᠭᠠᠪᠠ᠃ ᠡᠭᠦᠨ ᠤ ᠬᠠᠮᠲᠤ ᠪᠠᠰᠠ ᠬᠤᠲᠠ  ᠬᠥᠳᠡᠭᠡ ᠶᠢᠨ ᠰᠤᠷᠭᠠᠨ  ᠬᠥᠮᠦᠵᠢᠯ ᠤᠨ ᠲᠡᠩᠴᠡᠭᠦᠦ  ᠬᠥᠭᠵᠢᠯᠲᠡ ᠶᠢ ᠠᠬᠢᠭᠤᠯᠵᠤ᠂ ᠬᠡᠪ ᠴᠢᠨᠠᠷ ᠪᠦᠬᠦᠢ ᠰᠤᠷᠭᠠᠨ ᠬᠥᠮᠦᠵᠢᠯ ᠤᠨ ᠣᠶᠢᠷ᠎ᠠ  ᠪᠦᠲᠦᠭᠡᠯ ᠢ ᠪᠠᠬᠢᠵᠢᠭᠦᠯᠦᠨ  ᠳᠡᠭᠡᠭᠰᠢᠯᠡᠭᠦᠯᠦᠭᠰᠡᠨ ᠪᠠᠶᠢᠨ᠎ᠠ᠃       ᠬᠥᠳᠡᠭᠡ ᠲᠣᠰᠬᠤᠨ ᠤ ᠪᠠᠭᠠᠴᠤᠳ ᠤᠨ ᠣᠷᠳᠣᠨ ᠢ ᠬᠡᠷᠡᠭᠵᠢᠭᠦᠯᠦᠭᠰᠡᠨ ᠠᠴᠠ ᠨᠠᠰᠢ᠂ ᠰᠤᠷᠭᠠᠭᠤᠯᠢ ᠶᠢᠨ ᠠᠵᠢᠯᠯᠠᠭᠠᠨ ᠤ ᠵᠢᠭᠰᠠᠭᠠᠯ ᠤᠨ ᠭᠠᠵᠠᠷ ᠪᠣᠯᠣᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠬᠡᠦᠬᠡᠳ ᠤᠳ ᠢ ︽ᠨᠠᠭᠠᠳᠬᠤ︾ ᠶᠠᠪᠤᠴᠠ ᠳᠤ ᠰᠡᠳᠬᠢᠴᠡ ᠪᠠᠨ ᠥᠷᠭᠡᠳᠬᠡᠵᠦ᠂ ᠦᠵᠡᠯ ᠰᠠᠨᠠᠭ᠎ᠠ ᠪᠠᠨ ᠪᠣᠯᠪᠠᠰᠤᠷᠠᠭᠤᠯᠵᠤ᠂ ᠦᠵᠡᠯ ᠰᠠᠨᠠᠭ᠎ᠠ ᠬᠡᠪ ᠴᠢᠨᠠᠷ ᠢᠶᠠᠨ ᠳᠡᠭᠡᠭᠰᠢᠯᠡᠭᠦᠯᠬᠦ ᠶᠢᠨ ᠬᠠᠮᠲᠤ᠂ ︽ᠬᠤᠶᠠᠷ ᠢ ᠪᠠᠭᠠᠰᠬᠠᠬᠤ︾ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠵᠤ᠂ ᠰᠤᠷᠤᠭᠴᠢᠳ ᠤᠨ ᠥᠷᠭᠡᠨ ᠳᠡᠯᠭᠡᠷ ᠳᠤᠷ᠎ᠠ ᠰᠣᠨᠢᠷᠬᠠᠯ ᠢ ᠬᠥᠮᠥᠵᠢᠭᠦᠯᠬᠦ ᠪᠠ ᠪᠦᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ