ᠤᠷᠠᠳ ᠤᠨ ᠡᠮᠦᠨᠡᠲᠦ ᠬᠤᠰᠢᠭᠤᠨ ᠤ  ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 75 ᠳ᠋ᠤᠭᠠᠷ ᠤᠳᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠲᠣᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/29
      ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠣᠶᠣᠯᠲᠤ ᠮᠠᠨ ᠤ ᠬᠤᠰᠢᠭᠤᠨ ᠤ ᠠᠷᠪᠠᠨ ᠲᠦᠷᠪᠠᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 75 ᠳ᠋ᠣᠭᠠᠷ ᠤᠲᠠᠭᠠᠨ ᠤ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠪᠠ᠃       ᠬᠤᠷᠠᠯ ᠠᠴᠠ ᠶᠠᠷᠣᠩᠭᠡᠢ ᠱᠦᠵᠢ ᠰᠢ ᠶᠢᠨ ᠫᠢᠩ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ᠂ ᠠᠷᠪᠠᠨ ᠲᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠦᠶ᠎ᠡ ᠶᠢᠨ ᠴᠢᠬᠤᠯᠠ ᠶᠠᠷᠢᠶ᠎ᠠ᠂ ᠬᠤᠨᠠᠨ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠦᠭᠦᠢ ᠠᠵᠢᠯ ᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠰᠢᠭᠤᠨ ᠤ ᠳᠡᠭᠡᠳᠤ ᠳᠣᠣᠷᠠᠳᠤ ᠱᠠᠲᠤᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠢ ᠨᠡᠮᠡᠭᠳᠡᠭᠦᠯᠬᠦ ᠶᠠᠪᠤᠳᠡᠯ ᠮᠥᠨ᠂ ᠮᠣᠳᠣ ᠲᠠᠷᠢᠬᠤ ᠪᠣᠯ ᠲᠡᠷᠦᠢ ᠢᠷᠡᠭᠡᠳᠦᠢ ᠶᠢ ᠴᠣᠭᠴᠠᠯᠠᠬᠤ ᠶᠠᠪᠤᠳᠠᠯ ᠮᠦᠨ︾ ᠭᠡᠬᠦ ᠣᠶᠢᠯᠠᠭᠠᠭᠳᠠᠬᠤᠨ ᠢ ᠪᠠᠲᠦ ᠪᠠᠬᠢ ᠪᠤᠢ ᠪᠣᠯᠭᠠᠵᠤ᠂ ᠨᠤᠭᠤᠭᠠᠷᠠᠭᠤᠯᠤᠯᠲᠠ ᠶᠢ ᠦᠷᠭᠡᠳᠭᠡᠬᠦ᠂ ᠨᠤᠭᠤᠭᠠᠷᠠᠭᠤᠯᠤᠯᠳ᠋ᠨ ᠶᠢ ᠬᠥᠭᠵᠢᠭᠦᠯᠬᠦ᠂ ᠨᠣᠭᠤᠭᠠᠷᠠᠭᠤᠯᠤᠯᠲᠡ ᠶᠢ ᠬᠠᠮᠠᠭᠠᠯᠠᠬᠤ ᠶᠢ ᠵᠡᠷᠭᠡ ᠎ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠥᠪᠡᠷᠳᠡᠭᠡᠨ ᠵᠠᠰᠠᠬᠤ ᠣᠷᠤᠨ ᠤ ︽ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠬᠤ ᠪᠠ ᠰᠠᠯᠬᠢ ᠴᠡᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾᠎ ᠢᠶᠠᠷ ᠬᠦᠲᠦᠯᠤᠮᠵᠢ ᠪᠣᠯᠭᠠᠵᠦ᠂ ᠠᠮᠢ ᠠᠬᠤᠢ ᠳᠤ ᠬᠡᠷᠡᠭᠯᠡᠬᠦ ᠭᠠᠵᠠᠷ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠪᠠ ᠵᠦᠢ ᠵᠣᠬᠢᠰᠲᠠᠢ ᠲᠣᠬᠢᠷᠠᠭᠤᠯᠵᠤ᠂ ᠮᠠᠨ ᠤ ᠬᠤᠰᠢᠭᠤᠨ ᠤ ︽ᠪᠣᠬᠢᠷᠳᠦᠯ ᠦᠭᠡᠢ ᠦᠪ ᠬᠦᠷᠥᠩᠭᠡ︾᠎ ᠶᠢ ᠲᠠᠰᠤᠷᠠᠯᠲᠠ ᠦᠭᠡᠢ ᠨᠡᠮᠡᠭᠳᠡᠭᠦᠯᠬᠦ ᠭᠡᠷᠡᠭᠳᠠᠢ ᠭᠡᠪᠡ᠃       ᠬᠤᠷᠠᠯ ᠠᠴᠠ ᠨᠠᠮ ᠤᠨ ᠰᠠᠬᠢᠯᠭ᠎ᠠ ᠪᠠᠲᠦ ᠶᠢᠨ ᠰᠤᠷᠤᠯᠴᠠᠯᠭ᠎ᠠ ᠬᠦᠮᠦᠵᠢᠯ ᠤᠨ ᠲᠣᠬᠠᠢ ᠲᠥᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠬᠠᠮᠢᠶ᠎ᠠ ᠪᠥᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠬᠦ ᠠᠵᠢᠯ ᠤᠨ ᠲᠦᠰᠦᠯ︾ ︽ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ︾᠎ ᠶᠢ ᠬᠢᠨᠠᠨ ᠵᠥᠪᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠦᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠦ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠤᠭᠳᠠᠯ ᠢ ᠭᠦᠢᠴᠡᠳ ᠲᠠᠨᠢᠵᠦ᠂ ᠨᠡᠮ ᠤᠨ ᠰᠠᠬᠢᠯᠭ᠎ᠠ ᠪᠠᠲᠦ ᠶᠢᠨ ᠰᠤᠷᠤᠯᠴᠠᠯᠭ᠎ᠠ ᠬᠦᠮᠦᠵᠢᠯ ᠤᠨ ᠪᠣᠳᠠᠲᠦ ᠦᠷ᠎ᠡ ᠪᠦᠳᠦᠮᠵᠢ ᠣᠯᠬᠤ ᠶᠢ ᠪᠠᠲᠦᠯᠠᠬᠤ ᠬᠡᠷᠡᠭᠳᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠢ ᠲᠥᠪᠯᠡᠷᠡᠭᠦᠯᠦᠨ ᠵᠠᠰᠠᠬᠤ ᠲᠠᠢ ᠤᠶᠠᠯᠳᠤᠭᠤᠯᠵᠦ᠂ ᠲᠤᠭᠤᠷᠢᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠭᠦᠨᠵᠡᠭᠡᠢ ᠵᠠᠳᠠᠯᠵᠤ᠂ ᠰᠠᠬᠢᠯᠭ᠎ᠠ ᠪᠠᠲᠦ ᠶᠢ ᠵᠦᠷᠢᠴᠠᠵᠤ ᠬᠠᠤᠯᠢ ᠴᠠᠭᠠᠵᠠ ᠶᠢ ᠵᠦᠷᠢᠴᠡᠭᠰᠡᠨ ᠺᠠᠳ᠋ᠷᠴᠤᠳ ᠤᠨ ᠰᠡᠷᠡᠮᠵᠢᠯᠡᠭᠦᠯᠬᠦ ᠲᠡᠮᠳᠡᠭᠯᠡᠯ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠠ ᠰᠡᠷᠡᠮᠵᠢᠯᠡᠭᠦᠯᠬᠦ ᠬᠦᠮᠦᠵᠢᠯ ᠤᠨ ᠰᠠᠭᠤᠷᠢᠨ ᠵᠡᠷᠭᠡ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠨᠠᠮ ᠤᠨ ᠭᠡᠰᠢᠭᠦᠨ ᠺᠠᠳ᠋ᠷᠴᠤᠳ ᠲᠤ ᠰᠠᠷᠠᠮᠵᠢ ᠦᠭᠴᠦ᠂ ᠨᠠᠭᠠᠳᠦ ᠵᠠᠬ᠎ᠠ ᠶᠢᠨ ᠪᠠᠷᠢᠮᠵᠢᠶ᠎ᠠ ᠶᠢ ᠲᠣᠳᠤᠷᠬᠠᠶᠢᠯᠠᠵᠤ᠂ ᠪᠢᠰᠢᠷᠠᠨ ᠵᠢᠷᠤᠬᠡᠰᠢᠶᠡᠬᠦ ᠶᠢ ᠨᠢ ᠮᠡᠳᠡᠭᠦᠯᠬᠦ ᠬᠡᠷᠡᠭᠳᠡᠢ᠃ ᠨᠠᠮ ᠤᠨ ᠰᠠᠬᠢᠯᠭ᠎ᠠ ᠪᠠᠲᠦ ᠶᠢᠨ ᠬᠥᠮᠥᠵᠢᠯ᠂ ᠠᠷᠢᠭᠤᠨ ᠴᠢᠭᠡᠴᠢ ᠰᠣᠶᠣᠯ ᠤᠨ ᠬᠦᠮᠦᠵᠢᠯ ᠢ ᠬᠠᠷᠢᠯᠴᠠᠨ ᠨᠡᠪᠲᠡᠷᠡᠯᠴᠡᠭᠦᠯᠵᠦ᠂ ᠰᠢᠨ᠎ᠡ ᠪᠠᠷ ᠲᠡᠪᠰᠢᠭᠦᠯᠦᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠶᠢᠨ ᠠᠵᠢᠯ ᠎ ᠤᠨ ᠪᠠᠶᠢᠷᠢ ᠶᠢᠨ ᠺᠠᠳ᠋ᠷ ᠵᠡᠷᠭᠡ ᠭᠤᠣᠯᠳᠠᠯᠭ᠎ᠠ ᠲᠠᠢ ᠡᠲᠡᠭᠡᠳ ᠤᠨ ᠰᠠᠬᠢᠯᠭ᠎ᠠ ᠪᠠᠲᠤ ᠶᠢᠨ ᠪᠣᠯᠪᠠᠰᠤᠷᠠᠯ ᠢ ᠲᠣᠪᠤᠶᠢᠮ᠎ᠠ ᠰᠠᠶᠢᠲᠦᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠬᠦᠮᠦᠵᠢᠯ ᠢ ᠡᠳᠦᠷ ᠲᠣᠳᠤᠮ ᠤᠨ ᠠᠵᠢᠯ ᠳᠤ ᠠᠠᠭᠤᠰᠤᠯᠴᠠᠭᠤᠯᠵᠤ᠂ ᠪᠠᠶᠢᠩᠭᠤ ᠠᠳᠬᠤᠬᠤ ᠶᠢ ᠠᠬᠢᠭᠤᠯᠬᠤ ᠭᠡᠷᠡᠭᠳᠡᠢ ᠭᠡᠪᠡ᠃       ᠬᠤᠷᠠᠯ ᠠᠴᠠ ᠪᠠᠰᠠ ᠪᠣᠰᠤᠳ ᠵᠦᠢᠯ ᠢ ᠰᠤᠳᠤᠯᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ