ᠤᠷᠠᠳ ᠤᠨ ᠳᠤᠮᠳᠠᠳᠤ ᠬᠤᠰᠢᠭᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠠᠷᠠᠳ ᠤᠨ ᠵᠣᠪᠠᠨᠢᠯ ᠢ ᠰᠢᠢᠳᠪᠦᠷᠢᠯᠡᠨ ᠡᠪᠡᠰᠦ ᠪᠣᠷᠳᠤᠭ᠎ᠠ ᠲᠦᠭᠡᠭᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/4/29
      ᠣᠳᠣᠬᠠᠨ ᠳᠤ ᠶᠠᠭ ᠪᠡᠯᠴᠢᠭᠡᠷ ᠰᠡᠷᠭᠦᠭᠡᠨ ᠨᠣᠭᠤᠭᠠᠷᠠᠭᠤᠯᠬᠤ ᠴᠠᠭ ᠦᠶ᠎ᠡ ᠪᠣᠯᠣᠨ᠎ᠠ᠂ ᠤᠷᠠᠳ ᠤᠨ ᠳᠤᠮᠳᠠᠳᠤ ᠬᠤᠰᠢᠭᠤᠨ ᠤ ᠬᠢᠨ ᠮᠠᠯᠵᠢᠬᠤ ᠣᠷᠣᠨ ᠤ ᠮᠠᠯ ᠢᠶᠠᠨ ᠬᠠᠰᠢᠶᠠᠯᠠᠨ ᠲᠡᠵᠢᠭᠡᠵᠦ ᠪᠠᠶᠢᠭ᠎ᠠ ᠡᠷᠦᠭᠡ ᠳᠤ ᠲᠡᠵᠢᠭᠡᠯ ᠡᠪᠡᠰᠦ ᠲᠦᠭᠡᠭᠡᠬᠦ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠪᠡᠯᠴᠢᠭᠡᠷ ᠥᠨᠵᠢᠭᠦᠯᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠡᠯᠴᠢᠭᠡᠷ ᠰᠡᠷᠭᠦᠭᠡᠨ ᠨᠣᠭᠤᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠬᠦ ᠶᠢ ᠪᠠᠲᠤᠯᠠᠵᠤ ᠪᠠᠶᠢᠨ᠎ᠠ᠃       ᠲᠤᠬᠠᠢ ᠶᠢᠨ ᠲᠠᠯᠠᠪᠣᠷ ᠲᠤ 10 ᠠᠴᠢᠶᠠᠨ ᠤ ᠮᠠᠰᠢᠨ ᠲᠡᠷᠭᠡ ᠶᠢ ᠳᠦᠭᠦᠷᠭᠡᠭᠡᠳ ᠮᠣᠷᠳᠠᠬᠤ ᠪᠠᠷ ᠪᠡᠯᠡᠬᠡᠨ ᠪᠠᠶᠢᠵᠣ᠂ ᠡᠳᠡᠭᠡᠷ ᠲᠡᠵᠢᠭᠡᠯ ᠡᠪᠡᠰᠦ ᠶᠢ ᠭᠠᠭᠴᠠᠮᠣᠳᠤ ᠪᠠᠯᠭᠠᠰᠤ᠂ ᠪᠠᠶ᠋ᠬᠠᠤᠯᠠᠭᠠᠨ ᠰᠤᠮᠤ᠂ ᠰᠢᠨᠡᠬᠦ᠋ᠷᠢᠶ᠎ᠡ ᠰᠤᠮᠤ ᠵᠡᠷᠭᠡ 6 ᠮᠠᠯᠵᠢᠬᠤ ᠣᠷᠣᠨ ᠤ ᠰᠤᠮᠤ ᠪᠠᠯᠭᠠᠰᠤᠨ ᠳᠤ ᠬᠦᠷᠭᠡᠵᠦ᠂ ᠮᠠᠯᠴᠢᠳ ᠤᠨ ᠬᠠᠪᠤᠷ ᠤᠨ ᠤᠯᠠᠷᠢᠯ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠪᠣᠯᠣᠨ᠎ᠠ᠃ ᠣᠶᠢᠯᠠᠭᠠᠭᠰᠠᠨ ᠢᠶᠠᠷ᠂ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠣᠯᠠᠨ ᠤᠳᠠᠭ᠎ᠠ ᠮᠠᠯᠴᠢᠨ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠡᠪᠡᠰᠦ ᠪᠣᠷᠳᠤᠭ᠎ᠠ ᠨᠥᠭᠡᠴᠡᠯᠡᠬᠦ᠂ ᠲᠥᠯ ᠲᠤᠰᠴᠤ ᠪᠤᠶᠢᠵᠢᠭᠤᠯᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠢᠳᠡᠪᠬᠢᠲᠡᠢ ᠪᠠᠷ ᠭᠤᠶᠤᠴᠢᠯᠠᠵᠤ᠂ ᠲᠡᠵᠢᠭᠡᠯ ᠡᠪᠡᠰᠦ᠂ ᠡᠰᠢ ᠰᠦᠷᠡᠯ ᠤᠨ ᠮᠥᠬᠦᠯᠢᠭ ᠵᠡᠷᠭᠡ ᠶᠢ ᠨᠡᠶᠢᠲᠡ 3151 ᠲᠣᠨ ᠬᠤᠳᠠᠯᠳᠤᠨ ᠠᠪᠴᠤ᠂ ᠬᠠᠪᠤᠷ ᠠᠴᠠ ᠨᠠᠰᠢᠬᠢ ᠭᠠᠩ ᠤᠨ ᠪᠠᠶᠢᠳᠠᠯ ᠤᠨ ᠮᠠᠨ ᠤ ᠬᠤᠰᠢᠭᠤᠨ ᠤ ᠮᠠᠯ ᠠᠵᠤ ᠠᠬᠤᠢ ᠳᠤ ᠦᠵᠡᠭᠦᠯᠬᠦ ᠨᠥᠯᠥᠭᠡ ᠶᠢ ᠨᠠᠮᠳᠠᠭᠤᠯᠪᠠ᠃ ᠡᠨᠡ ᠤᠳᠠᠭ᠎ᠠ ᠶᠢᠨ ᠮᠠᠯ ᠢ ᠬᠠᠰᠢᠶᠠᠯᠠᠨ ᠲᠡᠵᠢᠭᠡᠬᠦ ᠨᠢ ᠣᠷᠠᠳ ᠤᠨ ᠲᠣᠮᠳᠠᠳᠣ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ 40 ᠭᠠᠷᠤᠢ ᠲᠦᠮᠡᠨ ᠮᠠᠯ ᠣᠨᠤᠭ᠎ᠠ ᠳᠤ ᠠᠰᠢᠭ ᠬᠦᠷᠲᠡᠭᠡᠬᠦ ᠪᠣᠯᠣᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ