ᠣᠷᠠᠳ ᠤᠨ ᠳᠤᠮᠳᠠᠳᠤ ᠬᠤᠰᠢᠭᠤ ︽ᠲᠡᠷᠢᠭᠦᠨ ᠳᠤ ᠣᠷᠣᠬᠤ ᠪᠠᠷ ᠴᠢᠷᠮᠠᠶᠢᠨ᠂ ᠣᠷᠣᠯᠳᠣᠨ ᠲᠡᠮᠡᠴᠡᠬᠦ︾ ᠠᠵᠢᠯ ᠤᠨ ᠮᠡᠳᠡᠭᠦᠯᠦᠯᠲᠡ ᠶᠢᠨ ᠦᠨᠡᠯᠡᠯᠲᠡ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/29
      ᠺᠠᠳ᠋ᠷᠴᠤᠳ ᠤᠨ ᠠᠵᠢᠯ ᠦᠢᠯᠡᠰ ᠴᠣᠭᠴᠠᠯᠠᠬᠤ ᠤᠷᠮ᠎ᠠ ᠵᠣᠷᠢᠭ ᠢ ᠤᠯᠠᠮ ᠨᠢᠭᠡ ᠠᠯᠬᠤᠮ ᠬᠥᠭᠵᠢᠭᠡᠨ ᠵᠣᠷᠢᠭᠵᠢᠭᠤᠯᠵᠤ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤ 2024 ᠣᠨ ᠤ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ︽ᠲᠡᠷᠢᠭᠦᠨ ᠳᠤ ᠣᠷᠣᠬᠤ ᠪᠠᠷ ᠴᠢᠷᠮᠠᠶᠢᠨ᠂ ᠣᠷᠣᠯᠳᠣᠨ ᠲᠡᠮᠡᠴᠡᠬᠦ︾ ᠠᠵᠢᠯ ᠤᠨ ᠮᠡᠳᠡᠭᠦᠯᠦᠯᠲᠡ ᠶᠢᠨ ᠦᠨᠡᠯᠡᠯᠲᠡ ᠶᠢᠨ ᠬᠤᠷᠠᠯ ᠢ ᠬᠤᠷᠠᠯᠳᠣᠭᠤᠯᠵᠣ᠂ ᠪᠥᠬᠦ ᠬᠤᠰᠢᠭᠤᠨ ᠤ 28 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠤᠮᠤ ᠪᠠᠯᠭᠠᠰᠤᠨ ᠤ ᠬᠠᠷᠢᠭᠤᠴᠠᠯᠭᠠᠲᠠᠨ ᠠᠵᠢᠯ ᠤᠨ ᠮᠡᠳᠡᠭᠦᠯᠦᠯᠲᠡ ᠬᠢᠬᠦ ᠳᠤ ᠣᠷᠣᠯᠴᠠᠪᠠ᠃       ︽ᠤᠷᠤᠯᠳᠤᠭᠠᠨ ᠤ ᠲᠠᠪᠴᠠᠩ︾᠎ ᠳᠤ ︽ᠣᠷᠣᠯᠴᠠᠭᠰᠠᠳ︾ ᠦᠨᠡᠨ ᠪᠣᠳᠠᠲᠠᠢ ᠲᠤᠭ᠎ᠠ ᠪᠠᠷᠢᠮᠲᠠ᠂ ᠠᠬᠤᠢ ᠲᠠᠯᠠᠪᠠᠶ ᠶᠢᠨ ᠬᠡᠷᠡᠯ ᠵᠢᠷᠤᠭ᠂ ᠬᠠᠷᠢᠴᠠᠭᠤᠯᠤᠨ ᠵᠠᠳᠠᠯᠵᠤ᠂ ᠨᠢᠭᠡᠳᠦᠭᠡᠷ ᠤᠯᠠᠷᠢᠯ ᠤᠨ ︽ᠰᠢᠯᠭᠠᠯᠲᠠ ᠶᠢᠨ ᠬᠠᠭᠤᠳᠠᠰᠤ︾᠎ ᠪᠠᠨ ᠲᠤᠰᠢᠶᠠᠪᠠ᠃ ᠤᠯᠠᠨ ᠢᠶᠠᠷ ᠢᠶᠠᠨ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠠᠵᠢᠯ ᠤᠨ ᠰᠡᠳᠬᠢᠴᠡ ᠪᠠᠨ ᠬᠤᠪᠢᠶᠠᠯᠴᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠪᠡᠯᠡ ᠮᠥᠩᠭᠦ ᠲᠦᠷᠦᠯ ᠵᠦᠢᠯ ᠲᠡᠮᠡᠴᠡᠨ ᠣᠯᠬᠤ ᠵᠡᠷᠭᠡ ᠠᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠠᠵᠢᠯ ᠤᠨ ᠮᠡᠳᠡᠭᠦᠯᠦᠯᠲᠡ ᠬᠢᠵᠦ᠂ ᠥᠷᠢᠰᠦᠯᠳᠦᠬᠦ ᠳᠤᠮᠳᠠ ᠲᠤᠷᠰᠢᠯᠭ᠎ᠠ ᠪᠠᠨ ᠰᠣᠯᠢᠯᠴᠠᠵᠤ᠂ ᠠᠳᠠᠯᠢᠳᠬᠠᠬᠤ ᠳᠤᠮᠳᠠ ᠦᠷ᠎ᠡ ᠪᠦᠲᠦᠮᠵᠢ ᠪᠠᠨ ᠰᠢᠯᠭᠠᠨ ᠦᠵᠡᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠢᠲᠡᠭᠡᠯ ᠵᠣᠷᠢᠭ ᠢᠶᠠᠨ ᠭᠦᠢᠴᠡᠳ ᠢᠯᠡᠷᠡᠭᠦᠯᠪᠡ᠃       ᠲᠤᠬᠠᠢ ᠶᠢᠨ ᠲᠠᠯᠠᠪᠣᠷ ᠤᠨ ᠠᠭᠤᠷ ᠠᠮᠢᠰᠬᠤᠯ ᠪᠠᠴᠢᠮ ᠲᠤᠯᠭᠠᠮ᠎ᠠ ᠪᠥᠭᠡᠳ ᠲᠥᠪ ᠴᠢᠩᠭ᠎ᠠ ᠪᠠᠶᠢᠵᠤ᠂ ᠤᠯᠠᠨ ᠢᠶᠠᠷ ᠢᠶᠠᠨ ᠨᠠᠷᠢᠨ ᠪᠣᠳᠠᠲᠠᠢ ᠲᠤᠭ᠎ᠠ ᠪᠠᠷᠢᠮᠲᠠ ᠂ ᠠᠮᠢᠳᠤ ᠰᠣᠷᠭᠤᠭ ᠪᠣᠳᠠᠲᠤ ᠵᠢᠱᠢᠶ᠎ᠡ ᠪᠠᠷ ᠦᠪᠡᠷ ᠢ ᠪᠠᠨ ᠲᠣᠪᠤᠶᠢᠯᠭᠠᠨ ᠲᠣᠭᠠᠴᠢᠵᠤ᠂ ᠠᠮᠵᠢᠯᠲᠠ ᠶᠢᠨ ᠲᠤᠬᠠᠢ ᠬᠢᠯᠠᠰ ᠴᠡᠭ ᠢ ᠶᠠᠷᠢᠵᠤ᠂ ᠠᠰᠠᠭᠤᠳᠠᠯ ᠢ ᠳᠡᠯᠭᠡᠵᠦ ᠰᠢᠯᠲᠠᠭᠠᠨ ᠢ ᠨᠢ ᠡᠷᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠲᠤᠬᠠᠢ ᠶᠠᠷᠢᠭᠰᠠᠨ ᠪᠥᠭᠡᠳ ᠬᠤᠶᠠᠳᠤᠭᠠᠷ ᠤᠯᠠᠷᠢᠯ ᠤᠨ ᠭᠤᠣᠯᠳᠠᠯᠭ᠎ᠠ ᠲᠠᠢ ᠠᠵᠢᠯ ︵ᠭᠤᠣᠯᠳᠠᠯᠭ᠎ᠠ ᠲᠠᠢ ᠲᠦᠷᠦᠯ ᠵᠦᠢᠯ︶᠎ ᠳᠤ ᠲᠣᠳᠣᠷᠬᠠᠢ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ᠂ ᠴᠠᠭ ᠤᠨ ᠬᠦᠰᠦᠨᠦᠭᠲᠦ᠂ ᠬᠠᠷᠢᠭᠤᠴᠠᠯᠭ᠎ᠠ ᠶᠢᠨ ᠳᠦᠷᠢᠮ ᠢ ᠳᠤᠷᠠᠳᠤᠭᠰᠠᠨ ᠪᠠᠶᠢᠨ᠎ᠠ᠃ ᠠᠵᠢᠯ ᠤᠨ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ ᠲᠤᠬᠠᠢ ᠶᠢᠨ ᠲᠠᠯᠠᠪᠣᠷ ᠲᠤ ᠦᠨᠡᠯᠡᠯᠲᠡ ᠬᠢᠵᠦ ᠬᠤᠪᠢ ᠥᠭᠴᠡᠢ᠃       ᠬᠠᠮᠤᠭ ᠡᠴᠦᠰ ᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠲᠣᠰ ᠲᠣᠰ 16 ᠬᠤᠰᠢᠭᠤᠨ ᠤ ᠰᠢᠭᠤᠳ ᠬᠠᠷᠢᠶ᠎ᠠ ᠨᠢᠭᠡᠴᠢ ︵ᠤᠯᠤᠰ ᠤᠨ ᠥᠮᠴᠢᠯᠡᠯᠲᠦ ᠠᠵᠤ ᠠᠬᠤᠶᠢᠯᠠᠯ︶᠎ ᠶᠢᠨ ᠡᠮᠦᠨ᠎ᠡ ᠭᠤᠷᠪᠠ ᠳᠤ ᠣᠷᠣᠵᠤ᠂ ᠲᠡᠯ ᠠᠭᠤᠯᠨ ᠪᠠᠯᠭᠠᠰᠤ᠂ ᠬᠠᠯᠢᠭᠤᠳᠣ ᠪᠠᠯᠭᠠᠰᠤ᠂ ᠦᠵᠦᠭᠦᠷ ᠭᠤᠣᠯ ᠪᠠᠯᠭᠠᠰᠤ ᠲᠣᠰ ᠲᠣᠰ 12 ᠰᠤᠮᠤ ᠪᠠᠯᠭᠠᠰᠤᠨ ᠤ ᠡᠮᠦᠨ᠎ᠡ ᠭᠤᠷᠪᠠ ᠳᠤ ᠣᠷᠣᠵᠠᠢ᠃ ᠲᠣᠰ ᠤᠳᠠᠭᠠᠨ ᠤ ᠠᠵᠢᠯ ᠤᠨ ᠮᠡᠳᠡᠭᠦᠯᠦᠯᠲᠡ ᠶᠢᠨ ᠬᠤᠷᠠᠯ ᠢᠶᠠᠷ ᠳᠡᠮᠵᠢᠨ᠂ ᠣᠯᠠᠨ ᠢᠶᠠᠷ ᠢᠶᠠᠨ ᠰᠣᠯᠢᠯᠴᠠᠭᠠᠨ ᠤ ᠳᠤᠮᠳᠠ ᠰᠡᠳᠬᠢᠴᠡ ᠪᠠᠨ ᠥᠷᠭᠡᠳᠬᠡᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠳᠡᠭᠡᠭᠰᠢᠯᠡᠭᠦᠯᠬᠦ ᠶᠢ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠪᠠ ᠴᠢᠭᠯᠡᠯ ᠢᠶᠠᠨ ᠨᠠᠩ ᠲᠣᠳᠣᠷᠬᠠᠢ ᠪᠣᠯᠭᠠᠵᠤ᠂ ᠠᠵᠢᠯ ᠬᠢᠵᠦ ᠦᠢᠯᠡᠰ ᠴᠣᠭᠴᠠᠯᠠᠬᠤ ᠢᠳᠡᠪᠬᠢᠵᠢᠯ ᠢ ᠬᠥᠭᠵᠢᠭᠡᠨ᠂ ᠨᠠᠶᠢᠳᠠᠪᠤᠷᠢᠵᠢᠭᠤᠯᠤᠯᠲᠠ ᠶᠢ ᠶᠡᠭᠡ ᠪᠠᠷ ᠠᠳᠬᠤᠬᠤ ᠠᠤᠭ᠎ᠠ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ