ᠲᠥᠯᠥᠭᠡᠯᠡᠭᠴᠢ ᠸᠠᠩ ᡁᠢ ᠫᠢᠩ᠄ ᠡᠯᠡᠰᠦᠨ ᠰᠢᠭᠤᠷᠭ᠎ᠠ ᠵᠡᠭᠦᠨ ᠡᠮᠦᠨᠡᠰᠢ ᠲᠦᠷᠢᠬᠦ ᠶᠢ ᠬᠤᠷᠢᠭᠯᠠᠨ ᠵᠣᠭᠰᠣᠭᠠᠵᠤ᠂ ᠬᠠᠲᠤᠨ ᠭᠤᠣᠯ ᠤᠨ ᠲᠣᠬᠤᠢ ᠶᠢᠨ ᠨᠣᠭᠤᠭᠠᠨ ᠥᠩᠭᠡ ᠎ ᠶᠢ ᠬᠠᠮᠠᠭᠠᠯᠠᠵᠤ᠂ ᠤᠮᠠᠷᠠᠲᠤ ᠬᠢᠯᠢ ᠎ ᠶᠢᠨ ︽ᠨᠣᠭᠤᠭᠠᠨ ᠬᠡᠷᠡᠮ︾ ᠎ ᠢ ᠪᠠᠶᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/4/29
      ︽ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︿ᠤᠮᠠᠷᠠᠲᠤ ᠶᠢᠨ ᠭᠤᠷᠪᠠᠨ ᠣᠷᠣᠨ﹀ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠨᠢ ᠮᠠᠨ ᠤ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠵᠤ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠬᠦᠷᠲᠡᠭᠡᠬᠦ ᠡᠷᠬᠢᠮ ᠳᠡᠭᠡᠳᠦ ᠦᠢᠯᠡᠰ ᠪᠣᠯᠣᠨ᠎ᠠ︾᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠳᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠶ᠎ᠡ︾ ᠭᠡᠬᠦ ᠴᠠᠭ ᠦᠶ᠎ᠡ ᠶᠢᠨ ᠤᠷᠢᠶᠠᠯᠠᠭ᠎ᠠ ᠶᠢ ᠭᠠᠷᠭᠠᠪᠠ᠃       ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠂ ᠪᠢᠳᠡ ᠡᠷᠬᠡᠪᠰᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠤᠭ ᠤᠨ ᠲᠦᠷᠦᠭᠦᠨ ᠳᠤ ᠲᠠᠯᠪᠢᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠪᠦᠬᠦ ᠣᠷᠣᠨ ᠪᠦᠰᠡ ᠪᠦᠬᠦ ᠬᠦᠴᠦᠨ ᠵᠦᠢᠯ ᠪᠦᠬᠦ ᠶᠠᠪᠤᠴᠠ ᠪᠠᠷ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠭᠤᠭᠠᠨ ᠬᠡᠷᠡᠮ ᠢ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︾ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠳᠠ ᠶᠢᠨ ᠳᠠᠷᠤᠭ᠎ᠠ ᠸᠠᠩ ᡁᠢ ᠫᠢᠩ ᠬᠡᠯᠡᠪᠡ᠃       ᠪᠠᠶᠠᠨᠨᠠᠭᠤᠷ ᠬᠤᠳᠠ ᠬᠠᠳᠤᠨ ᠭᠤᠣᠯ ᠤᠨ ᠲᠣᠬᠤᠢ ᠶᠢᠨ ᠣᠷᠣᠢ ᠳᠤ ᠪᠠᠶᠢᠷᠢᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠠᠮᠢ ᠠᠬᠤᠢ ᠶᠢᠨ ᠡᠯᠧᠮᠧᠨ᠋ᠲ ᠪᠦᠷᠢᠨ ᠭᠦᠢᠴᠡᠳ᠂ ᠬᠠᠳᠤᠨ ᠭᠤᠣᠯ 333.5 ᠺᠢᠯᠣᠮᠧᠲᠷ ᠤᠷᠤᠰᠤᠨ ᠥᠩᠭᠡᠷᠡᠵᠦ᠂ ᠲᠠᠷᠢᠶᠠᠨ ᠭᠠᠵᠠᠷ 1370.2 ᠲᠦᠮᠡᠨ ᠮᠦ ᠳᠤ ᠬᠦᠷᠴᠦ᠂ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠰᠠᠯᠬᠢ ᠰᠢᠭᠤᠷᠭᠠᠨ ᠵᠡᠭᠦᠨ ᠡᠮᠦᠨᠡᠰᠢ  ᠲᠦᠷᠢᠬᠦ ᠶᠢ ᠬᠤᠷᠢᠭᠯᠠᠬᠤ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠵᠤ᠂ ᠠᠮᠢ ᠠᠬᠤᠢ ᠶᠢᠨ ᠪᠠᠶᠢᠷᠢ ᠰᠠᠭᠤᠷᠢ ᠲᠤᠶᠢᠯ ᠤᠨ ᠴᠢᠬᠤᠯᠠ ᠶᠤᠮ᠃       ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠠᠶᠠᠨᠨᠠᠭᠤᠷ ᠬᠤᠲᠠ ᠨᠡᠶᠢᠲᠡ 78.07 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ᠤᠮᠠᠷᠠᠲᠤ ᠶᠢᠨ ᠭᠤᠷᠪᠠᠨ ᠣᠷᠣᠨ︾᠎ ᠶᠢᠨ ᠬᠠᠯᠬᠠᠪᠴᠢ ᠤᠢ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ᠂ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠠᠯᠠᠪᠠᠢ ᠶᠢ 1537 ᠲᠦᠮᠡᠨ ᠮᠦ ᠪᠡᠶᠡᠯᠡᠭᠦᠯᠵᠦ᠂ ᠲᠤᠶᠢᠯ ᠤᠨ ᠬᠦᠨᠳᠦ ᠬᠡᠮᠵᠢᠶᠡᠨ ᠤ ᠡᠯᠡᠰᠦᠵᠢᠭᠰᠡᠨ ᠭᠠᠵᠠᠷ ᠰᠢᠷᠣᠢ ᠶᠢᠨ ᠲᠠᠯᠠᠪᠠᠢ ᠶᠢ 617.1 ᠲᠦᠮᠡᠨ ᠮᠦ ᠪᠠᠭᠠᠰᠬᠠᠵᠤ᠂ ᠭᠠᠵᠠᠷ ᠰᠢᠷᠣᠢ ᠶᠢᠨ ᠡᠯᠡᠰᠦᠵᠢᠭᠰᠡᠨ ᠲᠠᠯᠠᠪᠠᠢ ᠪᠠ ᠬᠡᠮᠵᠢᠶ᠎ᠡ ᠶᠢ ︽ᠬᠤᠶᠠᠷ ᠲᠠᠯ᠎ᠠ ᠪᠠᠷ ᠪᠠᠭᠠᠰᠬᠠᠵᠤ ︾᠂ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠢ ᠶᠢ 7800 ᠲᠡᠭᠰᠢ ᠳᠥᠷᠪᠡᠯᠵᠢᠨ ᠺᠢᠯᠣᠮᠧᠲᠷ ᠪᠠᠭᠠᠰᠬᠠᠨ᠂ ︽ᠡᠯᠡᠰᠦ ᠨᠢ ᠤᠷᠤᠭᠰᠢᠯᠠᠵᠤ ᠬᠥᠮᠥᠨ ᠨᠢ ᠪᠠᠭᠠᠰᠴᠤ︾ ᠪᠠᠶᠢᠭᠰᠠᠨ ᠠᠴᠠ ᠪᠠᠨ ︽ᠨᠣᠭᠤᠭᠠᠷᠠᠭᠤᠯᠵᠤ ᠡᠯᠡᠰᠦ ᠨᠢ ᠪᠠᠭᠠᠰᠤᠭᠰᠠᠨ︾ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠪᠡ᠃       ᠸᠠᠩ ᡁᠢ ᠫᠢᠩ ᠤᠨ ᠲᠠᠨᠢᠯᠴᠠᠭᠤᠯᠤᠭᠰᠠᠨ ᠢᠶᠠᠷ᠂ ᠪᠠᠶᠠᠨᠨᠠᠭᠤᠷ ᠬᠤᠲᠠ ᠬᠠᠲᠤᠨ ᠭᠤᠣᠯ ᠤᠨ ᠲᠣᠬᠤᠢ ᠶᠢᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ ᠪᠥᠬᠦ ᠲᠠᠯ᠎ᠠ ᠪᠠᠷ ᠡᠬᠢᠯᠡᠭᠦᠯᠵᠦ᠂ 2023 ᠣᠨ ᠳᠤ 23.09 ᠲᠦᠮᠡᠨ ᠮᠦ ᠮᠣᠳᠣ ᠳᠠᠷᠢᠵᠤ᠂ 147.28 ᠲᠦᠮᠡᠨ ᠮᠦ ᠡᠪᠡᠰᠦ ᠳᠠᠷᠢᠵᠤ᠂ 46.1 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠵᠤ᠂ ᠤᠯᠠᠭᠠᠨᠪᠤᠬ᠎ᠠ ᠶᠢᠨ ᠡᠯᠡᠰᠦ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠥᠬᠦ ᠤᠯᠤᠰ ᠤᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠰᠢᠯᠢᠳᠡᠭ ᠨᠡᠶᠢᠲᠡᠯᠢᠭ ᠬᠡᠷᠡᠭ ᠤᠨ ᠵᠢᠱᠢᠶ᠎ᠡ ᠪᠠᠷ  ᠰᠣᠩᠭᠤᠭᠳᠠᠪᠠ᠃       ︽ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠨᠢ ᠤᠷᠲᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠳᠠᠬᠢᠨ ᠳᠠᠪᠲᠠᠬᠤ ᠴᠢᠨᠠᠷ ᠲᠠᠢ ᠪᠠᠶᠢᠵᠤ ᠂ ︿ᠤᠮᠠᠷᠠᠲᠤ ᠶᠢᠨ ᠭᠤᠷᠪᠠᠨ ᠣᠷᠣᠨ﹀᠎ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠳᠤ ᠡᠷᠬᠡᠪᠰᠢ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠶᠢ ᠪᠠᠷᠢᠮᠲᠠᠯᠠᠵᠤ᠂ ᠣᠶᠢᠯᠠᠭᠠᠭᠳᠠᠬᠤᠨ᠂ ᠵᠠᠭᠪᠤᠷ᠂ ᠲᠣᠭᠲᠠᠴᠠ ᠵᠡᠷᠭᠡ ᠲᠠᠯ᠎ᠠ ᠪᠠᠷ ᠵᠣᠷᠢᠭᠲᠠᠢ ᠪᠠᠷ ᠰᠢᠨ᠎ᠡ ᠶᠢ ᠡᠭᠦᠳᠴᠦ᠂ ᠲᠠᠩ ᠭᠠᠭᠴᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠴᠠ ᠰᠢᠰᠲ᠋ᠧᠮ ᠲᠠᠢ ᠠᠪᠤᠴᠠᠯᠳᠤᠭᠰᠠᠨ ᠠᠮᠢ ᠠᠬᠤᠢ ᠶᠢ ᠵᠠᠰᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠪᠢᠷᠠᠯᠲᠠ ᠶᠢ ᠪᠡᠶᠡᠯᠡᠭᠦᠯᠵᠦ᠂ ᠠᠮᠢ ᠠᠬᠤᠢ ᠶᠢ ᠰᠡᠷᠭᠦᠭᠡᠬᠦ᠂ ᠡᠬᠢ ᠪᠠᠶᠠᠯᠢᠭ ᠢ ᠨᠡᠭᠡᠭᠡᠬᠦ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠵᠠᠮ ᠢ ᠰᠦᠪᠡᠭᠴᠢᠯᠡᠨ ᠨᠡᠭᠡᠭᠡᠬᠦ ᠬᠡᠷᠡᠭᠲᠡᠢ︾ ᠭᠡᠵᠦ ᠸᠠᠩ ᡁᠢ ᠫᠢᠩ ᠬᠡᠯᠡᠪᠡ᠃       ᠣᠶᠢᠯᠠᠭᠠᠭᠰᠠᠨ ᠢᠶᠠᠷ᠂ ᠪᠠᠶᠠᠨᠨᠠᠭᠤᠷ ᠬᠤᠳᠠ ᠶᠢᠨ ᠬᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠡᠯᠡᠰᠦ ᠶᠢ ᠬᠠᠮᠢᠶᠠᠷᠴᠤ ᠡᠯᠡᠰᠦ ᠶᠢ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠵᠦ᠂ ︽ᠭᠡᠷᠡᠯ ᠴᠡᠨᠡᠭ + ᠠᠮᠢ ᠠᠬᠤᠢ ᠶᠢᠨ ᠵᠠᠰᠠᠯᠲᠠ︾᠎ ᠶᠢᠨ ᠡᠯᠡᠰᠦ ᠶᠢ ᠵᠠᠰᠠᠬᠤ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠣᠷᠭᠠᠨᠢᠭ ᠢᠶᠠᠷ ᠲᠠᠷᠢᠵᠤ ᠲᠡᠵᠢᠭᠡᠨ ᠦᠷᠡᠵᠢᠭᠦᠯᠬᠦ᠂ ᠬᠢᠲᠠᠳ ᠡᠮ ᠤᠨ ᠮᠠᠲ᠋ᠧᠷᠢᠶᠠᠯ ᠲᠠᠷᠢᠬᠤ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ᠂ ᠠᠮᠢ ᠠᠬᠤᠢ ᠶᠢ ᠰᠡᠷᠭᠦᠭᠡᠬᠦ ᠪᠠ ᠠᠵᠤ ᠦᠢᠯᠡᠰ ᠤᠨ ᠬᠥᠭᠵᠢᠯᠲᠡ ᠶᠢᠨ ︽ᠨᠢᠭᠡ ᠳᠡᠭᠡᠷ᠎ᠡ ᠭᠤᠷᠪᠠ ᠶᠢ ᠪᠦᠲᠦᠭᠡᠬᠦ︾᠎ ᠶᠢ ᠪᠡᠶᠡᠯᠡᠭᠦᠯᠵᠡᠢ᠃       ᠣᠶᠢᠷ᠎ᠠ ᠶᠢᠨ ᠵᠢᠯ ᠠᠴᠠ᠂ ᠪᠠᠶᠠᠨᠨᠠᠭᠤᠷ ᠬᠤᠳᠠ ᠶᠢᠨ ᠬᠢᠨ ᠴᠡᠭ ᠤᠨ ᠡᠬᠢ᠂ ᠤᠯᠠᠨ ᠡᠬᠢ᠂ ᠳᠣᠲᠣᠭᠠᠳᠤ ᠢᠷᠡᠯᠲᠡ ᠶᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠵᠤ᠂ ᠨᠠᠭᠤᠷ᠂ ᠡᠷᠭᠢ᠂ ᠰᠠᠪᠠ ᠭᠠᠵᠠᠷ ᠢ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢ ᠵᠡᠷᠭᠡᠪᠡᠷ ᠠᠳᠬᠤᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠢᠨᠵᠧᠨᠧᠷᠢᠩ ᠳᠤ ᠲᠦᠰᠢᠭᠯᠡᠨ᠂ ᠤᠯᠠᠭᠠᠨᠰᠤᠬᠠᠢ  ᠨᠠᠭᠤᠷ ᠤᠨ ᠪᠦᠬᠦ ᠰᠠᠪᠠ ᠭᠠᠵᠠᠷ ᠤᠨ ᠪᠦᠬᠦ ᠡᠯᠧᠮᠧᠨ᠋ᠲ ᠢ ᠶᠡᠷᠦᠩᠬᠡᠶᠢᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃       ᠸᠠᠩ ᡁᠢ ᠫᠢᠩ᠂ ᠪᠠᠶᠠᠨᠨᠠᠭᠤᠷ ᠬᠤᠳᠠ ᠶᠢᠨ ᠬᠠᠳᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠬᠦᠴᠦᠯᠡᠨ ᠴᠢᠷᠮᠠᠶᠢᠵᠤ᠂ ᠰᠡᠳᠬᠢᠯ ᠲᠠᠯᠪᠢᠨ ᠵᠠᠰᠠᠵᠤ᠂ ᠨᠢᠮᠪᠠᠢ ᠬᠠᠮᠠᠭᠠᠯᠠᠵᠤ᠂ ᠢᠮᠠᠭᠲᠠ ᠲᠤᠭᠤᠰᠢᠯᠠᠭᠤᠯᠵᠤ᠂ ᠥᠨᠢ ᠤᠳᠠᠭᠠᠨ ᠳᠠᠭᠠᠨ ᠭᠠᠪᠢᠶ᠎ᠠ ᠪᠠᠶᠢᠭᠤᠯᠵᠤ᠂ ᠤᠯᠠᠭᠠᠨᠰᠤᠬᠠᠢ ᠭᠡᠬᠦ ᠡᠨᠡᠬᠦ ︽ᠪᠣᠭᠤᠮᠲᠠ ᠶᠢᠨ ᠭᠠᠳᠠᠨᠠᠬᠢ ᠬᠡᠷᠡᠯᠳᠦ ᠰᠤᠪᠤᠳ︾ ᠎ ᠢ ᠰᠠᠶᠢᠲᠤᠷ ᠰᠠᠬᠢᠨ ᠬᠠᠮᠠᠭᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠦᠷ᠎ᠡ ᠬᠤᠶᠢᠴᠢᠰ ᠲᠠᠭᠠᠨ ᠠᠭᠤᠯᠠ ᠨᠢ ᠲᠤᠩᠭᠠᠯᠠᠭ᠂ ᠤᠰᠤ ᠨᠢ ᠲᠤᠩᠭᠠᠯᠠᠭ᠂ ᠠᠭᠠᠷ ᠨᠢ ᠰᠢᠨ᠎ᠡ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠵᠦ ᠥᠭᠭᠦᠨ᠎ᠡ ᠭᠡᠵᠦ ᠬᠡᠯᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ