ᠲᠥᠯᠥᠭᠡᠯᠡᠭᠴᠢ ᠸᠠᠩ ᡁᠢ ᠫᠢᠩ᠄ ᠰᠠᠯᠬᠢ ᠡᠯᠡᠰᠦᠨ ᠤ ︽ᠬᠠᠮᠠᠭᠠᠯᠠᠯᠲᠠ ᠶᠢᠨ ᠬᠤᠪᠴᠠᠰᠤ︾᠎ ᠶᠢ ᠨᠠᠩ ᠵᠤᠵᠠᠭᠠᠨ ᠪᠣᠯᠭᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2024/4/29
      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ ᠬᠢᠵᠦ᠂ ᠪᠢᠳᠡᠨ ᠤ  ᠬᠥᠬᠡ ᠠᠭᠤᠯᠠ  ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠭᠤᠣᠯᠳᠠᠯᠭ᠎ᠠ ᠶᠢ ᠲᠣᠳᠣᠷᠬᠠᠶᠢᠯᠠᠵᠠᠢ︾ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠠᠨᠨᠠᠭᠤᠷ ᠬᠤᠳᠠ ᠶᠢᠨ ᠳᠠᠷᠤᠭ᠎ᠠ ᠸᠠᠩ ᡁᠢ ᠫᠢᠩ ᠬᠡᠯᠡᠪᠡ᠃       ᠪᠠᠶᠠᠨᠨᠠᠭᠤᠷ ᠬᠠᠳᠤᠨ ᠭᠤᠣᠯ ᠤᠨ ᠲᠣᠬᠤᠢ ᠶᠢᠨ ᠣᠷᠣᠢ ᠳᠤ ᠪᠠᠶᠢᠷᠢᠯᠠᠵᠤ᠂ ᠤᠯᠤᠰ ᠤᠨ ︽ᠭᠤᠷᠪᠠᠨ ᠣᠷᠣᠨ ᠲᠦᠷᠪᠡᠨ ᠪᠦᠰᠡ︾᠎ ᠶᠢᠨ ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠣᠯᠣᠨ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠳᠤ ᠪᠠᠶᠢᠷᠢᠯᠠᠵᠤ᠂ ᠠᠮᠢ ᠠᠬᠤᠢ ᠶᠢᠨ ᠪᠠᠶᠢᠷᠢ ᠰᠠᠭᠤᠷᠢ ᠲᠤᠶᠢᠯ ᠤᠨ ᠴᠢᠬᠤᠯᠠ ᠪᠠᠶᠢᠳᠠᠭ᠃ ᠸᠠᠩ ᡁᠢ ᠫᠢᠩ᠄ ︽ᠪᠢᠳᠡ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠡᠷᠡᠰ ᠭᠤᠶᠢᠪᠢᠰᠢ ᠦᠭᠡᠢ ᠪᠠᠷ ᠬᠠᠮᠤᠭ ᠤᠨ ᠲᠡᠷᠢᠭᠦᠨ ᠳᠤ ᠲᠠᠯᠪᠢᠵᠤ᠂ ᠪᠥᠬᠦ ᠭᠠᠵᠠᠷ ᠣᠷᠣᠨ ᠪᠥᠬᠦ ᠬᠦᠴᠦᠨ ᠵᠦᠢᠯ ᠪᠥᠬᠦ ᠶᠠᠪᠤᠴᠠ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠢᠱᠢᠶᠡᠴᠢ ᠣᠷᠣᠨ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠬᠤᠰᠢᠭᠤᠴᠢ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ︾ ᠭᠡᠵᠡᠢ᠃ ᠲᠡᠷᠡ᠂ ᠪᠠᠶᠠᠨᠨᠠᠭᠤᠷ ᠶᠡᠭᠡ ᠳᠠᠶᠢᠯᠠᠯᠳᠤᠭᠠᠨ ᠤ ᠰᠦᠷ ᠵᠢᠪᠬᠤᠭ᠎ᠠ ᠪᠠᠷ᠂ ᠭᠤᠣᠯ ᠬᠦᠴᠦᠨ ᠤ ᠬᠤᠰᠢᠭᠤᠴᠢ ᠶᠢᠨ ᠳᠦᠷᠢ ᠪᠠᠶᠢᠳᠠᠯ ᠢᠶᠠᠷ ᠬᠠᠳᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠢᠯ ᠤᠨ ᠳᠣᠲᠣᠷ᠎ᠠ 300 ᠲᠦᠮᠡᠨ ᠮᠦ ᠤᠢ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠠᠯᠬᠢ ᠡᠯᠡᠰᠦᠨ ᠤ ︽ᠬᠠᠮᠠᠭᠠᠯᠠᠯᠲᠠ ᠶᠢᠨ ᠬᠤᠪᠴᠠᠰᠤ︾᠎ ᠶᠢ ᠨᠡᠩ ᠵᠤᠵᠠᠭᠠᠨ ᠪᠣᠯᠭᠠᠬᠤ ᠪᠠᠷ ᠴᠢᠷᠮᠠᠶᠢᠨ᠎ᠠ ᠭᠡᠵᠦ ᠬᠡᠯᠡᠪᠡ᠃       ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠳᠤᠮᠳᠠ ᠠᠵᠤ ᠦᠢᠯᠡᠰ ᠤᠨ ᠬᠥᠭᠵᠢᠯᠲᠡ ᠪᠣᠯᠣᠨ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠬᠡᠷᠬᠢᠨ ᠪᠡᠶᠡᠯᠡᠭᠦᠯᠬᠦ ᠪᠤᠢ︖ ᠸᠠᠩ ᡁᠢ ᠫᠢᠩ᠄ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠡᠶᠡᠯᠡᠭᠦᠯᠬᠦ ᠠᠷᠭ᠎ᠠ ᠵᠠᠮ ᠢ ᠨᠢᠭᠡᠨᠲᠡ ᠲᠣᠳᠣᠷᠬᠠᠶᠢᠯᠠᠵᠠᠢ᠃ ᠡᠩ ᠲᠡᠷᠢᠭᠦᠨ ᠳᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠡᠯᠡᠰᠦ ᠶᠢ ᠬᠠᠮᠢᠶᠠᠷᠴᠤ ᠡᠯᠡᠰᠦ ᠶᠢ ᠬᠡᠷᠡᠭᠯᠡᠬᠦ ᠶᠢ ᠨᠢᠭᠡᠳᠦᠯᠲᠡᠢ ᠲᠥᠯᠥᠪᠯᠡᠵᠦ᠂ ᠡᠯᠡᠰᠦᠨ ᠤ ᠭᠠᠮᠰᠢᠭ ᠢ ᠰᠡᠷᠭᠡᠶᠢᠯᠡᠬᠦ ᠮᠥᠷᠲᠡᠭᠡᠨ ᠪᠠᠰᠠ ᠡᠯᠡᠰᠦ ᠶᠢ ᠠᠰᠢᠭᠯᠠᠨ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠡᠭᠡᠷ᠎ᠡ ᠲᠠᠷᠢᠬᠤ᠂ ᠬᠠᠪᠲᠠᠰᠤᠨ ᠳᠣᠣᠷ᠎ᠠ ᠰᠡᠯᠪᠢᠨ ᠵᠠᠰᠠᠬᠤ ᠶᠢ ᠰᠢᠰᠲ᠋ᠧᠮ ᠲᠠᠢ ᠠᠬᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡ ᠯᠡ ᠳᠡᠭᠡᠷ᠎ᠡ ᠤᠯᠠᠨ ᠠᠮᠵᠢᠯᠲᠠ ᠣᠯᠵᠤ᠂ ᠠᠮᠢ ᠠᠬᠤᠢ ᠶᠢ ᠰᠡᠷᠭᠦᠭᠡᠬᠦ᠂ ᠡᠬᠢ ᠪᠠᠶᠠᠯᠢᠭ ᠢ ᠨᠡᠭᠡᠭᠡᠬᠦ᠂ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠤᠶᠠᠯᠳᠤᠭᠤᠯᠤᠭᠰᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠵᠠᠮ ᠢ ᠰᠦᠪᠡᠭᠴᠢᠯᠡᠨ ᠨᠡᠭᠡᠭᠡᠨ᠎ᠡ᠃ ᠳᠠᠷᠠᠭᠠᠯᠠᠪᠠᠯ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠡᠨᠡ ᠬᠦ ᠭᠤᠣᠯᠳᠠᠯᠭ᠎ᠠ  ᠶᠢ ᠳᠣᠪᠤᠶᠢᠯᠭᠠᠵᠤ᠂ ︿ᠦᠷ᠎ᠡ ᠪᠣᠶᠢᠵᠢᠭᠤᠯᠬᠤ﹀ ᠪᠠ ︿ᠭᠠᠵᠠᠷ ᠰᠢᠷᠣᠢ ᠶᠢ ᠵᠠᠰᠠᠬᠤ ﹀ ᠬᠤᠶᠠᠷ ᠵᠠᠩᠭᠢᠯᠠᠭ᠎ᠠ ᠶᠢ ᠠᠳᠬᠤᠵᠤ᠂ ᠠᠮᠢ ᠠᠬᠤᠢ ᠪᠠ ᠦᠢᠯᠡᠳᠪᠦᠷᠢᠯᠡᠬᠦ᠂ ᠵᠠᠰᠠᠬᠤ ᠪᠠ ᠠᠰᠢᠭᠯᠠᠬᠤ᠂ ᠣᠬᠤᠷ ᠬᠤᠭᠤᠴᠠᠭ᠎ᠠ ᠪᠠ ᠤᠷᠳᠤ ᠬᠤᠭᠤᠴᠠᠭ᠎ᠠ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠪᠦᠬᠦᠯᠢ ᠤᠰᠤᠯᠠᠯᠲᠠ ᠶᠢᠨ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠲᠦᠷᠭᠡᠪᠴᠢᠯᠡᠨ ᠬᠡᠷᠡᠭᠵᠢᠭᠦᠯᠵᠦ᠂ ᠤᠯᠤᠰ ᠤᠨ ᠬᠤᠵᠢᠷᠯᠢᠭ ᠭᠠᠵᠠᠷ ᠢ ᠰᠠᠶᠢᠵᠢᠷᠠᠭᠤᠯᠤᠨ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ ᠢᠳᠡᠪᠬᠢᠲᠡᠢ ᠲᠡᠮᠡᠴᠡᠨ ᠣᠯᠵᠤ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠷᠠᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ