ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ︽2024 ᠣᠨ ᠤ ᠪᠥᠬᠦ ᠣᠷᠣᠨ ᠤ ︿ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀ ︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ ᠠᠵᠢᠯ ᠤᠨ ᠲᠥᠰᠥᠯ︾ ︵ᠳᠣᠷᠣᠭᠰᠢ ︿ | ᠠᠵᠢᠯ ᠤᠨ ᠲᠥᠰᠥᠯ﹀ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ︽ᠠᠵᠢᠯ ᠤᠨ ᠲᠥᠰᠥᠯ︾ ᠳᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠶᠡᠭᠡ ᠪᠠᠷ | ᠴᠢᠩᠭᠠᠳᠬᠠᠨ᠂ ︽ᠭᠤᠷᠪᠠᠨ ᠰᠠᠯᠵᠤ ᠴᠢᠳᠠᠬᠤ ᠦᠭᠡᠢ︾ ︽ᠲᠦᠷᠪᠡᠨ ᠬᠠᠮᠲᠤ ᠪᠠᠷ︾ ︽ᠳᠦᠷᠪᠡ ᠶᠢ ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠲᠠ︾ ︽ | ᠲᠠᠪᠤᠨ ᠦᠵᠡᠯᠲᠡ︾ ᠪᠣᠯᠣᠨ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠭᠦᠨᠵᠡᠭᠡᠢ ᠤᠬᠠᠭᠤᠯᠤᠨ | ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠨ᠎ᠠ ᠭᠡᠵᠦ ᠳᠤᠷᠠᠳᠪᠠ᠃ | ︽ᠠᠵᠢᠯ ᠤᠨ ᠲᠥᠰᠥᠯ︾ ᠳᠤ᠂ 2024 ᠣᠨ ᠤ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ | ᠴᠠᠭ ᠨᠢ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ︽ᠦᠨᠳᠦᠰᠦᠲᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠭᠠᠷᠠᠭ︾ ᠤᠨ ᠴᠠᠭ ᠨᠢ 5 ᠳ᠋ᠤᠭᠠᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠠᠶᠢᠵᠤ᠂ ᠠᠵᠢᠯ ᠤᠨ | ᠰᠡᠳᠦᠪ ᠨᠢ ︽ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠤᠨ᠎ᠠ︾᠂ ᠲᠤᠰᠬᠠᠢ ᠬᠦᠷᠢᠶᠡᠨ ᠤ ᠭᠤᠣᠯᠳᠠᠯᠭ᠎ᠠ ᠲᠠᠢ ᠠᠵᠢᠯ | ᠪᠠ ᠭᠤᠣᠯ ᠲᠠᠯᠠᠪᠤᠷ ᠤᠨ ᠭᠤᠣᠯᠳᠠᠯᠭ᠎ᠠ ᠲᠠᠢ ᠠᠵᠢᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ | ᠬᠤᠯᠪᠤᠭᠠᠯᠠᠨ ᠥᠷᠨᠢᠭᠦᠯᠦᠨ᠎ᠡ ᠭᠡᠵᠦ ᠲᠣᠳᠣᠷᠬᠠᠶᠢᠯᠠᠵᠠᠢ᠃ | ︽ᠠᠵᠢᠯ ᠤᠨ ᠲᠥᠰᠥᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠱᠠᠭᠠᠷᠳᠠᠯᠭ᠎ᠠ ᠲᠠᠢ᠂ ᠠᠴᠢᠶᠠᠯᠠᠪᠤᠷᠢ ᠲᠠᠢ᠂ ᠭᠠᠷᠳᠠᠴᠠ ᠲᠠᠢ᠂ ᠳ᠋ᠦᠩᠨᠡᠯᠲᠡ ᠲᠠᠢ ᠠᠵᠢᠯᠯᠠᠬᠤ ᠬᠡᠷᠡᠭᠲᠡᠢ᠃ ᠪᠥᠬᠦ | ᠣᠷᠣᠨ ᠤ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ᠂ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ︔ | ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠦᠵᠡᠰᠬᠦᠯᠡᠩ ᠤᠨ ᠲᠠᠯᠠᠪᠤᠷ ᠨᠢ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠬᠡᠷᠡᠭᠲᠡᠢ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ | ᠪᠦᠲᠦᠮᠵᠢᠲᠡᠶ ᠠᠷᠭ᠎ᠠ ᠬᠢᠳᠡᠯ ᠪᠠ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠵᠦ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ ᠭᠡᠵᠡᠢ᠃ | | | |