ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡᠨ ᠠᠴᠠ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠨᠡᠯᠢᠶᠡᠳ | ᠲᠦᠷᠭᠡᠨ ᠨᠡᠮᠡᠭᠳᠡᠯ ᠢᠶᠠᠨ ᠪᠠᠲᠤᠯᠠᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠪᠠ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠶᠡᠷᠦᠩᠬᠡᠢ ᠲᠡᠭᠡᠭᠡᠪᠦᠷᠢᠯᠡᠭᠰᠡᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ 5.8 ᠳ᠋ᠦᠩᠰᠢᠭᠤᠷ ᠲᠣᠨ᠂ ᠪᠠᠷᠠᠭᠠᠨ ᠤ | ᠡᠷᠭᠢᠯᠲᠡ ᠶᠢᠨ ᠬᠡᠮᠵᠢᠶ᠎ᠡ 1339.9 ᠳ᠋ᠦᠩᠰᠢᠭᠤᠷ ᠲᠣᠨ ᠺᠢᠯᠣᠮᠧᠲᠷ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.2% ᠪᠠ 4.2% ᠢᠶᠠᠷ | ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 34.2% ᠪᠠ 29% ᠪᠠᠷ ᠨᠡᠮᠡᠭᠳᠡᠪᠡ᠃ ᠶᠡᠷᠦᠩᠬᠡᠢ ᠠᠶᠠᠨᠴᠢᠳ ᠲᠡᠭᠡᠭᠡᠪᠦᠷᠢ ᠶᠢᠨ ᠬᠡᠮᠵᠢᠶ᠎ᠡ ᠶᠢ | 2219.1 ᠲᠦᠮᠡᠨ ᠬᠥᠮᠥᠨ ᠤᠳᠠᠭ᠎ᠠ ᠪᠡᠶᠡᠯᠡᠭᠦᠯᠵᠦ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ ᠶᠢ 52.3 ᠳ᠋ᠦᠩᠰᠢᠭᠤᠷ ᠬᠥᠮᠥᠨ ᠺᠢᠯᠣᠮᠧᠲᠷ ᠲᠤ ᠬᠦᠷᠭᠡᠵᠦ᠂ | ᠠᠳᠠᠯᠢ ᠬᠤᠭᠤᠴᠠᠭᠠᠨ ᠤ ᠬᠢ ᠠᠴᠠ 39% ᠪᠠ 31% ᠪᠠᠷ ᠨᠡᠮᠡᠭᠳᠡᠭᠦᠯᠪᠡ᠃ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠳᠤ 34.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠡᠭᠦᠨ ᠳᠤ᠂ ᠵᠠᠰᠠᠮᠠᠯ ᠵᠠᠮ | ᠤᠰᠤᠨ ᠵᠠᠮ ᠳᠤ 20.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 21 ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠰᠦᠯ ᠤᠨ 1470 ᠺᠢᠯᠣᠮᠧᠲᠷ ᠤᠨ | ᠪᠠᠷᠢᠯᠭ᠎ᠠ ᠶᠢᠨ ᠠᠵᠢᠯ ᠢ ᠰᠡᠷᠭᠦᠭᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ 371 ᠺᠢᠯᠣᠮᠧᠲᠷ ᠤᠨ ᠪᠠᠷᠢᠯᠭ᠎ᠠ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ | ᠵᠠᠮ ᠤᠨ 296 ᠺᠢᠯᠣᠮᠧᠲᠷ ᠤᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ︔ ᠲᠡᠮᠦᠷ ᠵᠠᠮ ᠳᠤ 12.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠤᠯᠠᠭᠠᠨᠴᠠᠪ ᠠᠴᠠ ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ ᠲᠠᠶᠢᠽᠢ ᠠᠴᠠ | ᠰᠢᠯᠢ ᠶᠢᠨ ᠬᠤᠲᠠ ᠬᠦᠷᠬᠦ ᠲᠡᠮᠦᠷ ᠵᠠᠮ ᠬᠢᠭᠡᠳ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠦᠰᠦᠯ ᠤᠨ | ᠠᠵᠢᠯ ᠢ ᠰᠡᠷᠭᠦᠭᠡᠪᠡ︔ ᠠᠷᠠᠳ ᠤᠨ ᠠᠭᠠᠷ ᠤᠨ ᠲᠡᠭᠡᠭᠡᠪᠦᠷᠢ ᠳᠤ 2.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠵᠡᠷᠭᠡ 4 ᠲᠦᠰᠦᠯ ᠤᠨ ᠠᠵᠢᠯ ᠢ ᠰᠡᠷᠭᠦᠭᠡᠵᠡᠢ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠪᠠᠷ ᠲᠠᠰ ᠳᠡᠪᠰᠢᠭᠦᠯᠦᠨ ᠬᠡᠯᠪᠡᠷᠢ ᠪᠠᠨ ᠬᠤᠪᠢᠷᠠᠭᠤᠯᠬᠤ ᠬᠤᠷᠳᠤᠴᠠ ᠲᠦᠷᠭᠡᠳᠴᠦ᠂ ᠲᠦᠷᠢᠶᠡᠰᠦᠨ | ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ 2᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠫᠤᠤ 305 ᠶᠢ ᠰᠢᠨ᠎ᠡ ᠪᠠᠷ ᠪᠠᠶᠢᠭᠤᠯᠵᠤ | ᠂ ᠠᠶᠢᠮᠠᠭ ᠬᠤᠲᠠ ᠶᠢᠨ ᠭᠤᠣᠯ ᠬᠤᠲᠠ ᠶᠢᠨ ᠲᠣᠭᠤᠷᠢᠭ ᠠᠴᠠ ᠭᠠᠳᠠᠨ᠎ᠠ ᠨᠡᠶᠢᠲᠡ 10490 ᠴᠠᠬᠢᠯᠭᠠᠨ ᠴᠡᠨᠡᠭᠯᠡᠬᠦ ᠫᠤᠤ ᠪᠠᠶᠢᠭᠤᠯᠪᠠ᠃ ᠪᠥᠬᠦ ᠤᠯᠤᠰ ᠲᠤ | AGV ᠬᠢᠯᠢ ᠠᠯᠤᠰᠯᠠᠨ ᠪᠣᠭᠤᠮᠲᠠ ᠥᠩᠭᠡᠷᠡᠬᠦ ᠵᠠᠭᠪᠤᠷ ᠢ ᠠᠩᠬ᠎ᠠ ᠡᠭᠦᠳᠪᠡ — ᠭᠠᠭᠴᠠᠮᠣᠳᠤ᠂ ᠴᠡᠭᠡ ᠪᠣᠭᠤᠮᠲᠠ ᠶᠢᠨ AGV ᠲᠦᠰᠦᠯ ᠤᠨ | ᠲᠡᠭᠡᠭᠡᠪᠦᠷᠢ ᠶᠢᠨ ᠬᠡᠮᠵᠢᠶ᠎ᠡ 111 ᠲᠦᠮᠡᠨ ᠲᠣᠨ ᠳᠤ ᠬᠦᠷᠴᠦ᠂ ᠨᠢᠳᠤᠨᠤᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ ᠶᠢᠨ 31% ᠳᠤ ᠬᠥᠷᠪᠡ᠃ ᠣᠷᠳᠣᠰ ᠤᠨ | ᠣᠶᠤᠨᠲᠤ ᠪᠣᠳᠠᠰ ᠤᠨ ᠬᠤᠯᠪᠣᠭ᠎ᠠ ᠶᠢᠨ ᠲᠠᠪᠴᠠᠩ᠂ ᠭᠦᠸᠧ ᠨᠧᠩ ᠰᠢᠨ ᠱᠦᠸᠧ ᠲᠡᠮᠦᠷ ᠵᠠᠮ ᠤᠨ ᠨᠤᠨᠳᠠᠭ ᠨᠡᠭᠦᠷᠡᠰᠦᠨ ᠦᠨᠡᠰᠦ ︽ᠵᠠᠰᠠᠮᠠᠯ ᠵᠠᠮ ᠲᠡᠮᠦᠷ ᠵᠠᠮ︾ | ᠤᠨ ᠬᠠᠮᠲᠤᠷᠠᠭᠰᠠᠨ ᠲᠡᠭᠡᠭᠡᠪᠦᠷᠢ ᠶᠢᠨ 2 ᠲᠦᠰᠦᠯ ᠪᠥᠬᠦ ᠤᠯᠤᠰ ᠤᠨ ᠲᠦᠷᠦᠭᠦᠤ ᠪᠦᠯᠦᠭ ᠤᠨ 30 ︽ᠪᠣᠬᠢᠷᠲᠤᠯ ᠦᠭᠡᠢ ᠪᠠᠷᠠᠭᠠᠨ ᠤ ᠭᠦᠢᠯᠭᠡᠭᠡᠨ ᠤ ᠵᠢᠱᠢᠶ᠎ᠡ | ᠦᠵᠡᠭᠦᠯᠬᠦ ᠬᠡᠷᠡᠭ︾ ᠢᠶᠠᠷ ᠰᠣᠩᠭᠤᠭᠳᠠᠪᠠ᠃ | | | | | |