ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2024/4/29
      ᠾᠧ ᠸᠧᠢ ᠬᠤᠸᠠ ᠬᠤᠷᠠᠯ ᠡᠷᠭᠢᠯᠡᠵᠦ ᠶᠠᠷᠢᠶ᠎ᠠ ᠲᠠᠯᠪᠢᠪᠠ ᠸᠠᠩ ᡁᠢ ᠫᠢᠩ ᠳ᠋ᠢ ᠷᠦᠢ ᠵᠧᠨ ᠣᠷᠣᠯᠴᠠᠵᠠᠢ      4 ᠰᠠᠷ᠎ᠠ ᠶᠢᠨ 18᠎ ᠤ ᠡᠳᠦᠷ ᠠᠴᠠ 19᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠎ ᠢ ᠬᠢᠨᠠᠮᠠᠭᠠᠢ ᠰᠤᠷᠤᠯᠴᠠᠪᠠ᠃       ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠬᠤᠷᠠᠯ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳ᠋ᠢ ᠷᠦᠢ ᠵᠧᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠣᠷᠣᠯᠴᠠᠵᠠᠢ᠃       ᠨᠣᠮ ᠤᠩᠰᠢᠬᠤ ᠠᠩᠭᠢ ᠶᠢ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ᠂ ᠲᠤᠰᠬᠠᠢ ᠰᠡᠳᠦᠪ ᠢᠶᠠᠷ ᠲᠠᠶᠢᠯᠤᠮᠵᠢ ᠬᠢᠬᠦ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠯᠢ ᠮᠢᠩ ᠸᠧᠢ ᠲᠤᠰᠬᠠᠢ ᠰᠡᠳᠦᠪᠲᠦ ᠵᠢᠯᠣᠭᠤᠳᠤᠯᠭ᠎ᠠ ᠬᠢᠵᠦ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ᠂ ᠳᠦᠷᠢᠮ ᠤᠨ ᠰᠤᠷᠤᠯᠴᠠᠯᠭ᠎ᠠ᠂ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠪᠡ᠃ ᠬᠤᠳᠠ ᠶᠢᠨ ᠲᠡᠰ ᠤᠨ ᠤᠳᠤᠷᠢᠳᠤᠯᠭ᠎ᠠ ᠲᠥᠪᠯᠡᠷᠡᠭᠦᠯᠦᠨ ᠥᠪᠡᠷ ᠢᠶᠠᠨ ᠰᠤᠷᠤᠯᠴᠠᠭᠰᠠᠨ ᠰᠠᠭᠤᠷᠢᠨ ᠳᠡᠭᠡᠷ᠎ᠡ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠢ ᠥᠷᠨᠢᠭᠦᠯᠵᠦ᠂ ᠸᠠᠩ ᡁᠢ ᠫᠢᠩ᠂ ᠳ᠋ᠢ ᠷᠦᠢ ᠵᠧᠨ᠂ ᠢᠦᠢ ᠱᠦ  ᠵᠢᠶᠧ᠂ ᠪᠦᠦ ᠯᠢ ᠬᠤᠸᠠ᠂ ᠵᠤᠤ ᠸᠧᠢ ᠹᠧᠩ᠂ ᠹᠠᠨ  ᠸᠧᠨ᠂ ᠦ᠋ ᠴᠢᠩ ᠰᠢᠶᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠲᠥᠪᠯᠡᠷᠡᠩᠭᠦᠢ ᠰᠤᠷᠤᠯᠴᠠᠯᠭ᠎ᠠ ᠪᠠᠷ ᠳᠡᠮᠵᠢᠨ᠂ ᠣᠯᠠᠨ ᠢᠶᠠᠷ ᠢᠶᠠᠨ ᠨᠢᠭᠡ ᠤᠳᠠᠭᠠᠨ ᠤ ᠭᠦᠨ ᠭᠦᠨᠵᠡᠭᠡᠢ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠥᠷᠳᠡᠭᠰᠡᠨ ᠢᠶᠠᠨ ᠨᠡᠶᠢᠳᠡᠮ ᠰᠡᠷᠡᠵᠦ ᠮᠡᠳᠡᠪᠡ᠃       ᠾᠧ ᠸᠧᠢ ᠬᠤᠸᠠ ᠠᠵᠢᠯ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠭᠰᠠᠨ ᠲᠥᠷᠥᠭᠳᠡᠯ ᠢᠶᠠᠨ ᠣᠯᠠᠨ ᠲᠠᠢ ᠰᠣᠯᠢᠯᠴᠠᠪᠠ᠃ ᠲᠡᠷᠡ ᠬᠡᠯᠡᠭᠰᠡᠨ ᠨᠢ᠂ ᠰᠠᠬᠢᠯᠭ᠎ᠠ ᠪᠠᠲᠤ ᠎ ᠶᠢᠨ ᠪᠠᠶᠢᠭᠤᠯᠤᠯᠲᠠ ᠎ ᠶᠢ ᠴᠢᠩᠭᠠᠳᠬᠠᠬᠤ ᠪᠣᠯ ᠮᠠᠨ ᠤ ᠨᠠᠮ ᠤᠨ ᠪᠠᠭ᠎ᠠ ᠎ ᠠᠴᠠ ᠶᠡᠭᠡ ᠪᠣᠯᠵᠤ᠂ ᠪᠠᠭᠤᠷᠠᠢ ᠎ ᠠᠴᠠ ᠬᠦᠴᠦᠷᠬᠡᠭ ᠪᠣᠯᠵᠤ᠂ ᠲᠠᠰᠤᠷᠠᠯᠲᠠ ᠦᠭᠡᠢ ᠢᠯᠠᠯᠲᠠ ᠎ ᠠᠴᠠ ᠢᠯᠠᠯᠲᠠ ᠵᠦᠭ ᠤᠷᠤᠭᠰᠢᠯᠠᠬᠤ ᠎ ᠶᠢᠨ ᠪᠠᠲᠤ ᠴᠢᠩᠭ᠎ᠠ ᠪᠠᠲᠤᠯᠠᠭ᠎ᠠ ᠮᠥᠨ᠃ ᠪᠢᠳᠡ ᠶᠡᠷᠦᠩᠬᠡᠢ ᠱᠦᠵᠢ ᠰᠢ ᠶᠢᠨ ᠫᠢᠩ  ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠬᠦ ᠬᠡᠷᠡᠭᠲᠡᠢ᠃       ᠾᠧ ᠸᠧᠢ ᠬᠤᠸᠠ᠂ ᠪᠦᠬᠦ ᠬᠡᠯᠬᠢᠶ᠎ᠡ ᠪᠠᠷ ᠨᠡᠪᠲᠡᠷᠡᠬᠦ ᠶᠢ ᠪᠠᠷᠢᠮᠲᠠᠯᠠᠵᠤ᠂ ᠰᠤᠷᠤᠯᠭ᠎ᠠ ᠶᠢᠨ ᠰᠠᠬᠢᠯᠭ᠎ᠠ ᠪᠠᠲᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠢ᠃ ︽ᠳᠦᠷᠢᠮ︾ ᠎ ᠢ ᠨᠡᠮᠡᠬᠦ᠂ ᠬᠠᠰᠤᠬᠤ᠂ ᠥᠭᠡᠷᠡᠴᠢᠯᠡᠬᠦ ᠶᠢᠨ ᠠᠷᠤ ᠳᠤ ᠠᠭᠤᠯᠤᠭᠳᠠᠵᠤ ᠪᠠᠶᠢᠭ᠎ᠠ ᠭᠦᠨ ᠰᠠᠨᠠᠭ᠎ᠠ ᠪᠣᠯᠣᠨ ᠨᠠᠮ ᠤᠨ ᠭᠡᠰᠢᠭᠦᠨ ᠺᠠᠳ᠋ᠷᠴᠤᠳ ᠲᠤ ᠲᠠᠯᠪᠢᠵᠤ ᠪᠠᠶᠢᠭ᠎ᠠ ᠤᠯᠤᠰ ᠲᠦᠷᠦ ᠶᠢᠨ ᠱᠠᠭᠠᠷᠳᠠᠯᠭ᠎ᠠ ᠶᠢ ᠵᠤᠷᠪᠤᠰ ᠳᠠᠷᠠᠭᠠᠯᠠᠨ ᠣᠶᠢᠯᠠᠭᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠵᠤ ᠦᠨᠡᠨᠴᠢ ᠰᠢᠳᠤᠷᠭᠤ ᠶᠢ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ ᠶᠣᠰᠣ ᠳᠦᠷᠢᠮ ᠢ ᠣᠶᠢᠯᠠᠭᠠᠵᠤ᠂ ᠠᠷᠢᠭᠤᠨ ᠴᠢᠬᠡᠴᠢ ᠰᠠᠬᠢᠯᠭ᠎ᠠ ᠪᠠᠲᠤ ᠶᠢ ᠴᠢᠩᠳᠠᠯᠠᠵᠤ ᠬᠤᠷᠢᠭ᠎ᠠ ᠱᠤᠭᠤᠮ ᠢ ᠰᠠᠬᠢᠵᠤ᠂ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠳᠠᠯᠠᠵᠤ ᠵᠣᠷᠢᠯᠲᠠ ᠪᠠᠨ ᠪᠠᠳᠠᠷᠠᠭᠤᠯᠵᠤ᠂ ᠠᠵᠢᠯ ᠤᠨ ᠰᠠᠬᠢᠯᠭ᠎ᠠ ᠪᠠᠲᠤ ᠶᠢᠨ ᠬᠦᠨᠳᠦ ᠳᠠᠷᠤᠭᠠᠰᠤ ᠶᠢ ᠴᠢᠩᠳᠠᠯᠠᠵᠤ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠪᠦᠬᠦ ᠶᠠᠪᠤᠴᠠ ᠶᠢ ᠠᠭᠤᠰᠤᠯᠴᠠᠭᠤᠯᠤᠨ ᠨᠡᠪᠲᠡᠷᠡᠭᠦᠯᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠ ᠭᠤᠣᠯ ᠰᠡᠳᠦᠪᠲᠦ ᠬᠥᠮᠦᠵᠢᠯ ᠢ ᠪᠠᠬᠢᠵᠢᠭᠦᠯᠦᠨ ᠥᠷᠭᠡᠳᠬᠡᠬᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠎ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠪᠦᠬᠦ ᠬᠤᠳᠠ ᠶᠢᠨ ᠭᠤᠣᠯ ᠠᠵᠢᠯ ᠢ ᠤᠶᠠᠯᠳᠤᠭᠤᠯᠵᠤ᠂ ᠪᠦᠬᠦ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ