ᠸᠠᠩ ᡁᠢ ᠫᠢᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠢᠦᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/29
      4 ᠰᠠᠷ᠎ᠠ ᠶᠢᠨ 19 ᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᡁᠢ ᠫᠢᠩ ᠯᠢᠨ ᠾᠧ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠢᠦᠢ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠠᠬᠢᠭᠤᠯᠬᠤ᠂ ᠴᠢᠳᠠᠪᠤᠷᠢᠲᠠᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠪᠠ᠃       ᠸᠠᠩ ᡁᠢ ᠫᠢᠩ ᠯᠢᠦ ᡁᠢ ᠢᠦᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠯᠠᠨ ᠵᠢᠯ ᠤᠨ ᠲᠤᠷᠰᠢ ᠪᠠᠶᠠᠨᠨᠠᠭᠤᠷ ᠬᠤᠳᠠ ᠶᠢᠨ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠶᠢᠨ ᠵᠠᠰᠠᠯᠲᠠ᠂ ᠨᠡᠶᠢᠭᠡᠮ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠠᠮᠢ ᠠᠬᠤᠢ ᠶᠢ ᠰᠡᠷᠭᠦᠭᠡᠨ ᠵᠠᠰᠠᠬᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠤᠯᠲᠠ ᠶᠢ ᠰᠠᠶᠢᠵᠢᠷᠠᠭᠤᠯᠤᠨ ᠦᠷᠡᠵᠢᠭᠦᠯᠦᠨ ᠪᠣᠶᠢᠵᠢᠭᠤᠯᠬᠤ ᠵᠡᠷᠭᠡ ᠮᠠᠰᠢ ᠣᠯᠠᠨ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠬᠥᠮᠥᠵᠢᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠣᠷᠣᠨ ᠨᠤᠲᠤᠭ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠮᠠᠨ ᠤ ᠬᠤᠲᠠ ᠳᠤ ᠨᠠᠩ ᠣᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠪᠠᠶᠠᠨᠨᠠᠭᠤᠷ ᠴᠢᠳᠠᠪᠤᠷᠢᠲᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠲᠥᠷᠥᠯ ᠤᠨ ᠴᠢᠳᠠᠪᠤᠷᠢᠲᠠᠨ ᠳᠤ ᠬᠠᠮᠤᠭ ᠤᠨ ᠰᠢᠯᠢᠳᠡᠭ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ︽ᠲᠥᠷᠥ ᠶᠢᠨ ᠪᠣᠳᠣᠯᠭ᠎ᠠ ᠪᠠᠷ ᠬᠠᠷᠠᠭᠠᠯᠵᠠᠯ ᠦᠵᠡᠭᠦᠯᠬᠦ᠂ ᠪᠠᠲᠤᠯᠠᠭ᠎ᠠ ᠪᠠᠷ ᠰᠠᠶᠢᠨ᠂ ᠣᠷᠴᠢᠨ ᠲᠣᠭᠤᠷᠢᠨ ᠳᠠᠪᠠᠭᠤᠯᠢᠭ ᠂ ᠦᠢᠯᠡᠴᠢᠯᠡᠭᠡᠨ ᠢᠶᠠᠷ ᠰᠢᠯᠢᠳᠡᠭ︾ ︽ᠴᠢᠳᠠᠪᠤᠷᠢᠲᠠᠨ ᠤ ᠠᠮᠢ ᠠᠬᠤᠢ︾᠎ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠴᠢᠳᠠᠪᠤᠷᠢᠲᠠᠨ ᠢ ᠬᠥᠮᠥᠵᠢᠭᠦᠯᠦᠨ ᠬᠦᠷᠭᠡᠬᠦ ᠵᠠᠮ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠲᠥᠷᠥᠯ ᠤᠨ ᠳᠠᠳᠤᠯᠭ᠎ᠠ ᠪᠣᠯᠪᠠᠰᠤᠷᠠᠭᠤᠯᠤᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠢᠳᠡᠪᠬᠢᠲᠡᠢ ᠪᠠᠶᠢᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠨᠠᠩ ᠣᠯᠠᠨ ᠡᠬᠢ ᠪᠠᠶᠠᠯᠢᠭ ᠢ ᠬᠠᠩᠭᠠᠨ᠂ ᠡᠯ᠎ᠡ ᠲᠥᠷᠥᠯ ᠤᠨ ᠴᠢᠳᠠᠪᠤᠷᠢᠲᠠᠨ ᠢ ᠲᠡᠳᠡᠨ ᠠᠪᠴᠢᠷᠠᠵᠤ᠂ ᠮᠠᠨ ᠤ ᠬᠤᠲᠠ ᠳᠤ ᠢᠷᠡᠵᠦ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ᠃       ᠯᠢᠦ ᡁᠢ ᠢᠦᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ ᠪᠣᠯᠣᠨ ᠴᠢᠳᠠᠪᠤᠷᠢᠲᠠᠨ ᠢ ᠬᠥᠮᠥᠵᠢᠭᠦᠯᠵᠦ ᠪᠠᠶᠢᠭ᠎ᠠ ᠪᠠᠶᠢᠳᠠᠯ ᠢ ᠲᠣᠪᠴᠢ ᠲᠠᠨᠢᠯᠴᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠡᠩ ᠤᠯᠠᠨ ᠴᠢᠳᠠᠪᠤᠷᠢᠲᠠᠨ ᠢ ᠪᠠᠶᠠᠨᠨᠠᠭᠤᠷ ᠲᠤ ᠦᠯᠡᠳᠡᠭᠡᠬᠦ ᠶᠢ ᠠᠬᠢᠭᠤᠯᠵᠤ᠂ ᠪᠠᠶᠠᠨᠨᠠᠭᠤᠷ ᠢ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ