ᠡᠨᠡ ᠵᠢᠯ ᠮᠠᠨ ᠤ ᠬᠤᠲᠠ 306 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2024/4/29
      ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠡᠨᠡ ᠵᠢᠯ 306 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠶᠢ ᠪᠡᠶᠡᠯᠡᠭᠦᠯᠬᠦ ᠪᠠᠷ ᠲᠥᠯᠥᠪᠯᠡᠵᠦ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ︽ᠪᠣᠬᠢᠷᠲᠤᠯ ᠦᠭᠡᠢ ᠬᠥᠷᠥᠩᠭᠡ︾᠎ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃       ᠣᠶᠢᠷ᠎ᠠ ᠳᠤ᠂ ᠬᠤᠲᠠ ᠶᠢᠨ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠠᠴᠠ ︽ᠪᠢ ᠨᠤᠲᠤᠭ ᠲᠠᠭᠠᠨ ᠨᠢᠭᠡ ᠮᠣᠳᠣ ᠲᠠᠢ︾ ︽ᠪᠢ ᠣᠶ ᠰᠢᠭᠤᠢ ᠶᠢᠨ ᠲᠠᠯᠠᠪᠠᠶ ᠳᠤ ᠨᠢᠭᠡ ᠮᠣᠳᠣ ᠲᠠᠢ︾ ᠠᠯᠪᠠᠨ ᠵᠢᠷᠤᠮ ᠤᠨ ᠮᠣᠳᠣ ᠳᠠᠷᠢᠵᠤ ᠬᠠᠷᠢᠭᠤᠴᠠᠯᠭ᠎ᠠ ᠪᠠᠨ ᠭᠦᠢᠴᠡᠳᠬᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠠᠷᠢᠵᠤ ᠲᠡᠵᠢᠭᠡᠬᠦ ᠠᠷᠭ᠎ᠠ ᠮᠠᠶ᠋ᠢᠭ ᠢᠶᠠᠷ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃ ᠳᠠᠷᠢᠵᠤ ᠲᠡᠵᠢᠭᠡᠬᠦ ᠶᠢ ᠮᠡᠳᠡᠷᠡᠭᠰᠡᠨ ᠮᠣᠳᠣ ᠨᠢ ᠭᠤᠣᠯᠳᠠᠭᠤ ᠡᠯ᠎ᠡ ᠬᠤᠰᠢᠭᠤ ᠰᠢᠶᠠᠨ ᠲᠣᠭᠤᠷᠢᠭ ᠤᠨ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠪᠠ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠲᠥᠪᠯᠡᠷᠡᠵᠦ ᠪᠠᠶᠢᠨ᠎ᠠ᠃ ᠲᠡᠵᠢᠭᠡᠭᠳᠡᠭᠰᠡᠨ ᠮᠣᠳᠣ ᠶᠢ ᠫᠠᠶᠢᠰᠠ ᠡᠯᠭᠦᠨ ᠲᠡᠵᠢᠭᠡᠭᠰᠡᠳ ᠲᠤ ᠦᠨᠡᠮᠯᠡᠯ ᠣᠯᠭᠤᠵᠤ᠂ ᠲᠡᠵᠢᠭᠡᠭᠰᠡᠳ ᠤᠨ ᠬᠠᠨᠳᠢᠪᠯᠡᠭ᠌ᠰᠠᠨ ᠪᠡᠯᠡ ᠮᠥᠩᠭᠦ ᠶᠢ ᠪᠢᠲᠡᠭᠦᠮᠵᠢᠯᠡᠨ ᠬᠠᠮᠢᠶᠠᠷᠴᠤ᠂ ᠪᠦᠬᠦᠨ ᠢ ᠮᠣᠳᠣ ᠳᠠᠷᠢᠵᠤ ᠣᠶᠢᠵᠢᠭᠤᠯᠬᠤ ᠶᠢ ᠬᠠᠮᠢᠶᠠᠷᠴᠤ ᠬᠠᠮᠠᠭᠠᠯᠠᠬᠤ ᠳᠤ ᠬᠡᠷᠡᠭᠯᠡᠨ᠎ᠡ᠃       ᠮᠠᠨ ᠤ ᠬᠤᠲᠠ ᠶᠢᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠮᠲᠤᠷᠠᠭᠰᠠᠨ ᠪᠠᠶᠢᠯᠳᠤᠭᠠᠨ ᠡᠬᠢᠯᠡᠭᠰᠡᠨ ᠲᠡᠷᠡ ᠡᠳᠦᠷ ᠲᠤ᠂ ᠪᠥᠬᠦ ᠬᠤᠲᠠ ᠳᠤ ᠨᠡᠶᠢᠲᠡ 7.7 ᠲᠦᠮᠡᠨ ᠰᠠᠭᠤᠷᠢ ᠡᠯ᠎ᠡ ᠲᠥᠷᠥᠯ ᠤᠨ ᠴᠢᠬᠢ ᠮᠣᠳᠣ ᠶᠢ ᠳᠠᠷᠢᠵᠤ᠂ 442 ᠰᠠᠭᠤᠷᠢ ᠮᠣᠳᠣ ᠶᠢ ᠲᠡᠵᠢᠭᠡᠵᠡᠢ᠃ ᠣᠶᠢᠷ᠎ᠠ ᠶᠢᠨ ᠡᠳᠦᠷ ᠤᠳ ᠲᠤ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠨᠠᠮ ᠤᠨ ᠪᠠᠶᠢᠭᠤᠯᠤᠯᠲᠠ +︾ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠥᠮᠥᠨ ᠪᠦᠬᠦᠨ ᠣᠷᠣᠯᠴᠠᠵᠤ᠂ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃       ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠢ ᠶᠢ ᠠᠵᠤ ᠦᠶᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠣᠨᠣᠯᠵᠢᠬᠤᠨ ᠢ ᠪᠠᠷᠢᠮᠲᠠᠯᠠᠨ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠡᠭᠡᠨ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠳᠠᠷᠢᠬᠤ ᠪᠠᠷ ᠵᠠᠷᠴᠢᠮ ᠪᠣᠯᠭᠠᠵᠤ᠂ ᠣᠷᠴᠢᠨ ᠲᠣᠭᠤᠷᠢᠨ ᠢ ᠭᠤᠶᠣᠵᠢᠭᠤᠯᠬᠤ ᠮᠥᠷᠲᠡᠭᠡᠨ ᠪᠠᠰᠠ ᠠᠵᠤ ᠦᠢᠯᠡᠰ ᠢ ᠬᠥᠭᠵᠢᠭᠦᠯᠵᠦ ᠴᠢᠳᠠᠬᠤ ᠮᠣᠳᠣᠨ ᠤ ᠲᠥᠷᠥᠯ ᠢ ᠰᠣᠩᠭᠤᠬᠤ ᠬᠡᠷᠡᠭᠲᠡᠢ᠃ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠶᠡᠭᠡ ᠳᠠᠶᠢᠯᠠᠯᠳᠤᠭᠠᠨ ᠡᠬᠢᠯᠡᠭᠰᠡᠨ ᠲᠡᠷᠡ ᠡᠳᠦᠷ᠂ ᠮᠠᠨ ᠤ ᠬᠤᠲᠠ ᠶᠢᠨ ᠺᠠᠳ᠋ᠷ ᠣᠯᠠᠨ ᠲᠦᠮᠡᠨ ᠯᠢᠨ ᠾᠧ ᠲᠣᠭᠤᠷᠢᠭ ᠤᠨ ᠤᠯᠤᠰ ᠤᠨ ᠰᠢᠨᠬᠤᠸᠠ ᠣᠶ ᠰᠢᠭᠤᠢ ᠶᠢᠨ ᠲᠠᠯᠠᠪᠠᠶ ᠶᠢᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ 500 ᠮᠦ᠂ 1.1 ᠲᠦᠮᠡᠨ ᠰᠠᠭᠤᠷᠢ ᠵᠢᠮᠢᠰ ᠢ ᠳᠠᠷᠢᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ