ᠮᠠᠨ ᠤ ᠬᠤᠲᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/4/29
      ᠡᠨᠡ ᠵᠢᠯ᠂ ᠮᠠᠨ ᠤ ᠬᠤᠲᠠ ᠳᠠᠪᠠᠭᠤᠯᠢᠭ ᠲᠠᠢ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠦᠷᠭᠦᠯᠵᠢᠯᠡᠨ ᠪᠠᠶᠢᠭᠤᠯᠬᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠬᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠳᠤᠮᠳᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃       ᠮᠠᠨ ᠤ ᠬᠤᠲᠠ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠬᠢᠭᠡᠳ ᠡᠸᠦ᠋ᠷᠦᠫᠡ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠠ ᠣᠨᠴᠠᠯᠢᠭᠲᠤ ᠳᠠᠪᠠᠭᠤᠯᠢᠭ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ︽ᠬᠤᠶᠠᠷ ᠲᠤᠰᠬᠠᠢ ᠮᠡᠷᠭᠡᠵᠢᠯ ᠨᠢᠭᠡ ᠲᠥᠪ︾᠎ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠬᠢᠲᠠᠳ ︵ᠮᠣᠩᠭᠤᠯ︶᠎ ᠤᠨ ᠡᠮᠨᠡᠯᠭᠡ ᠶᠢᠨ ᠣᠷᠳᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠪᠡᠳᠴᠢᠨ ᠦᠵᠡᠭᠦᠯᠬᠦ ᠲᠥᠷᠥᠭᠳᠡᠯ ᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ