ᠮᠠᠨ ᠤ ᠬᠤᠲᠠ ᠶᠢᠨ ︽ᠨᠠᠰᠤᠲᠠᠨ ᠪᠠᠭᠠᠴᠤᠳ︾᠎ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠪᠡ
ᠨᠡᠶᠢᠲᠡᠯᠡᠭᠰᠡᠨ ᠴᠠᠭ᠄
2024/4/29
      ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ︽ᠨᠠᠰᠤᠲᠠᠨ ᠪᠠᠭᠠᠴᠤᠳ︾᠎ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠪᠡ᠃       ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ 2023 ᠣᠨ ᠤ ᠡᠴᠦᠰ ᠪᠣᠯᠲᠠᠯ᠎ᠠ᠂ ᠮᠠᠨ ᠤ ᠬᠤᠲᠠ ᠳᠤ ᠨᠡᠶᠢᠲᠡ 56 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠲᠠᠢ ᠪᠠᠶᠢᠵᠤ᠂ ᠶᠡᠷᠦᠩᠬᠡᠢ ᠣᠷᠣ 9269 ᠪᠠᠶᠢᠵᠤ᠂ ᠡᠭᠦᠨ ᠳᠤ ᠰᠤᠪᠢᠯᠠᠯᠲᠠ ᠶᠢᠨ ᠬᠡᠯᠪᠡᠷᠢ ᠶᠢᠨ ᠣᠷᠣ 5450 ᠪᠠᠶᠢᠵᠤ᠂ ᠡᠵᠡᠯᠡᠬᠦ ᠬᠠᠷᠢᠴᠠᠯ ᠨᠢ 58% ᠬᠦᠷᠴᠦ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ 55%᠎ ᠶᠢᠨ ᠬᠠᠷᠠᠯᠲᠠ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃       ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠣᠷ ᠰᠦᠯᠵᠢᠶ᠎ᠡ ᠦᠷᠭᠦᠯᠵᠢᠯᠡᠨ 2023 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 11᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 59᠂ ᠡᠳᠦᠷ ᠤᠨ ᠠᠰᠠᠷᠠᠨ ᠬᠠᠷᠠᠭᠠᠯᠵᠠᠬᠤ ᠲᠥᠪ 5 ᠪᠠᠶᠢᠭᠤᠯᠵᠤ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 100% ᠬᠦᠷᠴᠦ᠂ ᠬᠤᠲᠠ ᠶᠢᠨ ᠨᠢᠭᠡ ᠮᠥᠴᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃       ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠦᠷᠢᠯᠡᠪᠡ᠃ 2023 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ 39᠂ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 117᠎ ᠶᠢ ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠷᠬᠦᠴᠡ ᠶᠢᠨ ᠨᠣᠷᠮ᠎ᠠ 50.46% ᠬᠦᠷᠴᠡᠢ᠃       ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠰᠠᠭᠤᠷᠢ ᠶᠢ ᠠᠯᠬᠤᠮ ᠠᠯᠬᠤᠮ ᠢᠶᠠᠷ 2023 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ ᠨᠡᠶᠢᠲᠡ ᠬᠤᠰᠢᠭᠤ ᠰᠢᠶᠠᠨ ᠤ ᠱᠠᠲᠤᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ 4᠂ ᠰᠤᠮᠤ ᠰᠢᠶᠠᠩ ᠪᠠᠯᠭᠠᠰᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ 70 ᠪᠠᠶᠢᠵᠤ᠂ ᠰᠢᠶᠠᠩ ᠪᠠᠯᠭᠠᠰᠤᠨ ᠤ ᠱᠠᠲᠤᠨ ᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠡᠨᠡ ᠵᠢᠯ᠂ ᠮᠠᠨ ᠤ ᠬᠤᠲᠠ ᠦᠶᠤᠸᠠᠨ ᠰᠢᠶᠠᠨ᠂ ᠤᠷᠠᠳ ᠤᠨ ᠳᠤᠮᠳᠠᠳᠤ ᠬᠤᠰᠢᠭᠤᠨ ᠤ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠵᠢᠱᠢᠯᠲᠡ ᠪᠠᠷ ᠵᠢᠯ ᠤᠨ ᠡᠴᠦᠰ ᠠᠴᠠ ᠡᠮᠦᠨ᠎ᠡ ᠳᠠᠭᠤᠰᠬᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ