ᠣᠶᠢᠷ᠎ᠠ ᠳᠤ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠠᠩᠨᠠᠨ ᠪᠠᠶᠢᠴᠠᠭᠠᠬᠤ ᠶᠡᠭᠡ | ᠠᠩᠭᠢ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠭᠰᠡᠨ ᠪᠠᠰᠠ ᠨᠢᠭᠡᠨ ᠬᠡᠷᠡᠭ ᠢ ᠠᠮᠵᠢᠯᠲᠠᠲᠠᠢ ᠳᠡᠩᠨᠡᠨ ᠢᠯᠡᠷᠡᠭᠦᠯᠵᠦ᠂ ᠶᠠᠯ᠎ᠠ ᠬᠢᠭᠰᠡᠨ ᠨᠢᠭᠡᠨ | ᠰᠡᠵᠢᠭᠲᠡᠨ ᠢ ᠪᠠᠷᠢᠪᠴᠢᠯᠠᠪᠠ᠃ | 2024 ᠣᠨ ᠤ 1 ᠰᠠᠷ᠎ᠠ ᠶᠢᠨ 19 ᠤ ᠡᠳᠦᠷ᠂ ᠨᠠᠰᠤᠨ ᠳᠤ ᠬᠦᠷᠦᠭᠡ ᠦᠭᠡᠢ ᠶᠢᠨ ᠣᠪᠣᠭᠲᠤ ︵ᠪᠦᠬᠦᠯᠢ 10 ᠨᠠᠰᠤ︶ ᠭᠠᠷ ᠤᠲᠠᠰᠤ ᠪᠠᠷ ᠨᠠᠭᠠᠳᠴᠤ | ᠪᠠᠶᠢᠬᠤ ᠳᠤ ᠪᠠᠨ ᠮᠡᠬᠡᠯᠡᠭᠴᠢ ᠶᠢᠨ ᠲᠣᠭᠯᠠᠭᠠᠮ ᠤᠨ ᠵᠣᠭᠤᠰ ᠬᠦᠷᠭᠡᠬᠦ ᠥᠭᠶᠦᠭᠡ ᠳᠤ ᠬᠠᠭᠤᠷᠲᠠᠭᠳᠠᠵᠤ᠂ ᠶᠢᠨ ᠣᠪᠣᠭᠲᠤ ᠶᠢ ᠮᠡᠬᠡᠯᠡᠵᠦ ᠪᠠᠶᠢᠭᠠᠳ ᠡᠵᠢ ᠶᠢᠨ | ᠬᠢᠨ ᠭᠠᠷ ᠤᠲᠠᠰᠤᠨ ᠳᠣᠲᠣᠷᠠᠬᠢ ᠮᠡᠳᠡᠭᠡ ᠵᠠᠩᠭᠢ ᠶᠢ ᠸᠢᠳᠢᠤ᠋ ᠶᠢᠨ ᠬᠡᠯᠪᠡᠷᠢ ᠪᠠᠷ ᠢᠯᠡᠭᠡᠭᠦᠯᠵᠦ᠂ ᠶᠢᠨ ᠣᠪᠣᠭᠲᠤ ᠶᠢᠨ ᠡᠵᠢ ᠶᠢᠨ ᠭᠠᠷ ᠤᠲᠠᠰᠤᠨ ᠳᠡᠭᠡᠷᠡᠬᠢ | 17 ᠲᠦᠮᠡ ᠭᠠᠷᠤᠢ ᠲᠥᠭᠦᠷᠢᠭ ᠢ ᠮᠡᠬᠡᠯᠡᠵᠡᠢ᠃ | ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠲᠤᠰᠬᠠᠢ ᠬᠡᠷᠡᠭ ᠤᠨ ᠳᠤᠭᠤᠶᠢᠯᠠᠩ ᠪᠠᠶᠢᠭᠤᠯᠵᠤ᠂ ᠬᠡᠷᠡᠭ ᠢ ᠲᠠᠩᠨᠠᠨ ᠢᠯᠡᠷᠡᠭᠦᠯᠬᠦ ᠠᠵᠢᠯ ᠢ | ᠪᠥᠬᠦ ᠬᠦᠴᠦᠨ ᠢᠶᠠᠷ ᠢᠶᠠᠨ ᠥᠷᠨᠢᠭᠦᠯᠪᠡ᠃ ᠲᠤᠰᠬᠠᠢ ᠬᠡᠷᠡᠭ ᠤᠨ ᠠᠷᠠᠳ ᠤᠨ ᠴᠠᠭᠳᠠᠭ᠎ᠠ ᠶᠠᠯ᠎ᠠ ᠬᠢᠭᠰᠡᠨ ᠰᠡᠵᠢᠭᠲᠡᠨ ᠾᠧ ᠣᠪᠣᠭᠲᠤ ᠶᠢ ᠭᠦᠨᠵᠡᠭᠡᠢ | ᠰᠤᠳᠤᠯᠤᠨ ᠮᠠᠭᠠᠳᠯᠠᠬᠤ ᠪᠠ ᠨᠠᠷᠢᠨ ᠨᠢᠮᠪᠠᠢ ᠲᠠᠩᠨᠠᠨ ᠪᠠᠶᠢᠴᠠᠭᠠᠬᠤ ᠪᠠᠷ ᠳᠠᠮᠵᠢᠭᠤᠯᠤᠨ ᠲᠡᠭᠦᠨ ᠤ ᠬᠤᠪᠧᠢ ᠮᠤᠵᠢ ᠶᠢᠨ ᠬᠤᠸᠠᠩᠱᠢ ᠬᠤᠲᠠ ᠳᠠᠬᠢ ᠠᠵᠢᠯᠯᠠᠭ᠎ᠠ | ᠶᠢᠨ ᠵᠠᠮ ᠢ ᠣᠯᠵᠤ ᠮᠡᠳᠡᠭᠡᠳ ᠲᠡᠷᠡ ᠳᠠᠷᠤᠢ ᠳᠤᠨᠢ ᠬᠤᠪᠧᠢ ᠮᠤᠵᠢ ᠶᠢᠨ ᠬᠤᠸᠠᠩᠱᠢ ᠬᠤᠲᠠ ᠳᠤ ᠬᠦᠷᠴᠦ ᠪᠠᠶᠢᠴᠠᠭᠠᠨ ᠭᠡᠷᠡᠴᠢ ᠠᠪᠬᠤ ᠠᠵᠢᠯ ᠢ ᠬᠢᠭᠰᠡᠨ | ᠪᠠᠶᠢᠨ᠎ᠠ᠃ 2024 ᠣᠨ ᠤ 2 ᠰᠠᠷ᠎ᠠ ᠶᠢᠨ 23 ᠤ ᠡᠳᠦᠷ᠂ ᠲᠤᠰᠬᠠᠢ ᠬᠡᠷᠡᠭ ᠤᠨ ᠳᠤᠭᠤᠶᠢᠯᠠᠩ ᠤᠨ ᠡᠮᠦᠨᠡᠬᠢ ᠬᠤᠭᠤᠴᠠᠭᠠᠨ ᠤ ᠶᠡᠭᠡ | ᠬᠡᠮᠵᠢᠶᠡᠨ ᠤ ᠪᠠᠶᠢᠴᠠᠭᠠᠯᠲᠠ ᠬᠢᠵᠦ ᠭᠡᠷᠡᠴᠢ ᠴᠤᠭᠯᠠᠭᠤᠯᠪᠠ᠂ ᠶᠡᠭᠡ ᠬᠡᠮᠵᠢᠶᠡᠨ ᠤ ᠭᠡᠷᠡᠴᠢ ᠪᠠᠷᠢᠮᠲᠠ ᠶᠢᠨ ᠡᠮᠦᠨ᠎ᠡ᠂ ᠶᠠᠯ᠎ᠠ ᠬᠢᠭᠰᠡᠨ ᠰᠡᠵᠢᠭᠲᠡᠨ ᠾᠧ | ᠣᠪᠣᠭᠲᠤ ᠳᠠᠷᠤᠯᠲᠠ ᠠᠴᠠ ᠪᠣᠯᠵᠤ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠶᠠᠯ᠎ᠠ ᠪᠠᠨ ᠮᠡᠳᠡᠷᠡᠵᠦ ᠪᠡᠶ᠎ᠡ ᠪᠠᠨ | ᠲᠤᠰᠢᠶᠠᠵᠠᠢ᠃ ᠰᠢᠭᠦᠨ ᠠᠰᠠᠭᠤᠬᠤ ᠪᠠᠷ ᠳᠠᠮᠵᠢᠭᠠᠳ᠂ ᠶᠠᠯ᠎ᠠ ᠬᠢᠭᠰᠡᠨ ᠰᠡᠵᠢᠭᠲᠡᠨ ᠾᠧ ᠣᠪᠣᠭᠲᠤ ᠥᠪᠡᠷ ᠤᠨ ᠬᠢᠭᠰᠡᠨ ᠶᠠᠯᠠᠲᠤ ᠠᠵᠢᠯᠯᠠᠭ᠎ᠠ ᠪᠠᠨ | ᠥᠴᠢᠭᠯᠡᠨ ᠮᠡᠳᠡᠷᠡᠵᠡᠢ᠃ | ᠣᠳᠣᠬᠠᠨ ᠳᠤ᠂ ᠶᠠᠯ᠎ᠠ ᠬᠢᠭᠰᠡᠨ ᠰᠡᠵᠢᠭᠲᠡᠨ ᠾᠧ ᠣᠪᠣᠭᠲᠤ ᠶᠢ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠨᠲᠡ | ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ ᠬᠡᠷᠡᠭ ᠢ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ ᠪᠣᠶ᠃ |