ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾᠎ ᠢ ᠳᠠᠷᠤᠮᠠᠯᠯᠠᠨ ᠶᠠᠪᠤᠭᠤᠯᠬᠤ ᠲᠤᠬᠠᠢ  ᠮᠡᠳᠡᠭᠳᠡᠯ
ᠨᠡᠶᠢᠲᠡᠯᠡᠭᠰᠡᠨ ᠴᠠᠭ᠄
2024/4/29
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ  ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ  ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶᠎ ᠶᠢᠨ ᠵᠥᠪᠯᠡᠯ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾᠎ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                            ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                     2024 ᠣᠨ ᠤ 3 ᠰᠠᠷ᠎ᠠ ᠶᠢᠨ 26᠎ ᠤ  ᠡᠳᠦᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶       ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯᠳᠤᠭᠠᠨ ᠤ ᠠᠵᠢᠯ ᠤᠨ  ᠳᠦᠷᠢᠮ      ᠨᠢᠭᠡᠳᠦᠭᠡᠷ ᠵᠦᠢᠯ ᠠᠷᠠᠳ ᠤᠨ ᠵᠠᠰᠠᠭ ᠤᠨ ᠣᠷᠳᠣᠨ ᠬᠢᠭᠡᠳ ᠠᠳᠠᠯᠢ ᠱᠠᠲᠤᠨ  ᠤ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾ ᠎ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠳᠦᠷᠢᠮ ᠢ  ᠲᠣᠭᠲᠠᠭᠠᠪᠠ᠃       ᠬᠤᠶᠠᠳᠤᠭᠠᠷ ᠵᠦᠢᠯ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶᠎ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ  ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃       ᠭᠤᠷᠪᠠᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠤ ᠭᠤᠣᠯ ᠡᠭᠦᠷᠭᠡ ᠪᠣᠯ ᠠᠷᠠᠳ ᠤᠨ ᠵᠠᠰᠠᠭ ᠤᠨ ᠣᠷᠳᠣᠨ ᠪᠣᠯᠣᠨ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠵᠤ᠂ ᠵᠥᠪᠳᠡᠯᠴᠡᠨ ᠰᠢᠢᠳᠪᠦᠷᠢᠯᠡᠬᠦ ᠶᠠᠪᠤᠳᠠᠯ ᠪᠣᠯᠣᠨ᠎ᠠ᠃ ᠡᠭᠦᠨ ᠳᠤ ᠭᠤᠣᠯᠳᠠᠭᠤ ᠳᠣᠣᠷᠠᠬᠢ ᠠᠭᠤᠯᠭ᠎ᠠ ᠨᠤᠭᠤᠳ ᠪᠠᠭᠲᠠᠨ᠎ᠠ᠄       ︵ᠨᠢᠭᠡ︶ ᠳᠡᠭᠡᠷ᠎ᠡ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠪᠲᠠᠷᠡᠭᠦᠯᠵᠦ᠂ ᠨᠠᠶᠢᠳᠠᠪᠤᠷᠢᠵᠢᠭᠤᠯᠤᠭᠠᠳᠤᠢ ᠵᠦᠢᠯᠡᠰ ᠲᠤ ᠲᠣᠳᠣᠷᠬᠠᠶᠢᠯᠠᠯᠲᠠ ᠬᠢᠬᠦ ᠶᠢᠨ ᠬᠠᠮᠲᠤ ᠰᠠᠨᠠᠯ ᠢᠶᠠᠨ ᠳᠤᠷᠠᠳᠴᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠎ᠠ᠃       ︵ᠬᠤᠶᠠᠷ︶ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠠᠵᠢᠯᠲᠠᠨ ᠠᠵᠢᠯᠴᠢᠨ ᠤ ᠠᠰᠢᠭ ᠲᠤᠰᠠ ᠳᠤ ᠬᠤᠯᠪᠣᠭᠳᠠᠭᠰᠠᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠪᠠᠶᠢᠳᠠᠯ ᠢ ᠵᠠᠷᠯᠠᠨ ᠮᠡᠳᠡᠭᠳᠡᠨ᠎ᠡ ︔ ᠠᠵᠢᠯᠴᠢᠨ ᠤ ᠡᠪᠯᠡᠯ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠠᠵᠢᠯᠲᠠᠨ ᠠᠵᠢᠯᠴᠢᠨ ᠳᠤ ᠦᠢᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠵᠠᠷᠯᠠᠨ ᠮᠡᠳᠡᠭᠳᠡᠨ᠎ᠡ᠃       ︵ᠭᠤᠷᠪᠠ︶ ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠳᠦᠷᠢᠮ ᠤᠨ ᠪᠠᠲᠤᠯᠠᠭ᠎ᠠ ᠶᠢ ᠰᠤᠳᠤᠯᠤᠨ ᠵᠣᠬᠢᠶᠠᠨ ᠪᠠᠶᠢᠭᠤᠯᠤᠨ᠎ᠠ︔ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠡᠷᠦᠩᠬᠡᠢ ᠪᠠᠶᠢᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ᠎ᠠ᠃       ︵ᠳᠥᠷᠪᠡ︶ ᠠᠵᠢᠯᠲᠠᠨ ᠠᠵᠢᠯᠴᠢᠨ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠴᠢᠬᠤᠯᠠ ᠠᠰᠠᠭᠤᠳᠠᠯ᠂ ᠠᠵᠢᠯᠲᠠᠨ ᠠᠵᠢᠯᠴᠢᠨ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠵᠡᠷᠭᠡ ᠶᠢ ᠰᠤᠳᠤᠯᠤᠨ ᠰᠢᠢᠳᠪᠦᠷᠢᠯᠡᠨ᠎ᠡ︔ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ ᠢ ᠰᠤᠳᠤᠯᠤᠨ ᠰᠢᠢᠳᠪᠦᠷᠢᠯᠡᠨ᠎ᠡ᠃       ︵ᠲᠠᠪᠤ︶ ᠠᠵᠢᠯᠴᠢᠨ ᠤ ᠡᠪᠯᠡᠯ ᠤᠨ ᠲᠣᠰ ᠪᠡᠶ᠎ᠡ ᠶᠢᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠪᠤᠴᠠ ᠳᠤ ᠵᠠᠰᠠᠭ ᠤᠨ ᠣᠷᠳᠣᠨ ᠤ ᠳᠡᠮᠵᠢᠯᠭᠡ ᠶᠢ ᠱᠠᠭᠠᠷᠳᠠᠬᠤ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ᠎ᠠ᠃       ︵ᠵᠢᠷᠭᠤᠭ᠎ᠠ︶ ᠬᠠᠮᠲᠤᠷᠠᠭᠰᠠᠨ ᠬᠤᠷᠠᠯᠳᠤᠭᠠᠨ ᠢᠶᠠᠷ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ ᠤᠳ᠃       ᠳᠥᠷᠪᠡᠳᠦᠭᠡᠷ ᠵᠦᠢᠯ ᠬᠠᠮᠲᠤᠷᠠᠭᠰᠠᠨ ᠬᠤᠷᠠᠯᠳᠤᠭᠠᠨ ᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠮᠲᠤ ᠪᠠᠷ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃ ᠠᠵᠢᠯᠴᠢᠨ ᠤ ᠡᠪᠯᠡᠯ ᠤᠨ ᠠᠵᠢᠯ ᠲᠠᠢ ᠬᠠᠷᠢᠯᠴᠠᠬᠤ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠨᠢ ᠶᠡᠷᠦᠩᠬᠡᠢ ᠬᠤᠷᠠᠯᠳᠤᠭᠤᠯᠤᠭᠴᠢ ᠪᠣᠯᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠴᠢᠨ ᠤ ᠡᠪᠯᠡᠯ ᠤᠨ ᠠᠵᠢᠯ ᠲᠠᠢ ᠬᠠᠷᠢᠯᠴᠠᠬᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠪᠠᠶᠢᠩᠭᠤ ᠶᠢᠨ ᠠᠵᠢᠯ ᠢ ᠬᠠᠷᠢᠭᠤᠴᠠᠬᠤ ᠳᠡᠳ᠋ ᠲᠡᠷᠢᠭᠦᠯᠡᠭᠴᠢ ᠨᠢ ᠬᠤᠷᠠᠯᠳᠤᠭᠤᠯᠤᠭᠴᠢ ᠪᠣᠯᠣᠨ᠎ᠠ᠃ ᠣᠨᠴᠠᠭᠠᠶ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠬᠡᠷᠡᠭᠴᠡᠭᠡ ᠪᠠᠨ ᠦᠨᠳᠦᠰᠦᠯᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠢ ᠤᠷᠢᠵᠤ ᠬᠤᠷᠠᠯ ᠳᠤ ᠣᠷᠣᠯᠴᠠᠭᠤᠯᠬᠤ ᠶᠢᠨ ᠬᠠᠮᠲᠤ ᠬᠤᠷᠠᠯ ᠢ ᠡᠷᠬᠢᠯᠡᠬᠦᠯᠵᠦ ᠪᠣᠯᠣᠨ᠎ᠠ᠃ ᠬᠠᠮᠲᠤᠷᠠᠭᠰᠠᠨ ᠬᠤᠷᠠᠯᠳᠤᠭᠠᠨ ᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭᠠᠶ ᠪᠠᠶᠢᠳᠠᠯ ᠪᠤᠶᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠵᠥᠪᠳᠡᠯᠴᠡᠭᠰᠡᠨ ᠤ ᠲᠠᠷᠠᠭ᠎ᠠ ᠬᠡᠵᠢᠶ᠎ᠡ ᠴᠦ ᠭᠡᠰᠡᠨ ᠬᠤᠷᠠᠯᠳᠤᠭᠤᠯᠵᠤ ᠪᠣᠯᠣᠨ᠎ᠠ᠃       ᠲᠠᠪᠤᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠳᠤ ᠣᠷᠣᠯᠴᠠᠭᠰᠠᠨ ᠪᠠ ᠰᠤᠯᠠ ᠣᠷᠣᠯᠴᠠᠭᠰᠠᠳ ᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠲᠠᠯ᠎ᠠ ᠳᠤ ᠶᠡᠷᠦ ᠳᠡᠭᠡᠨ᠄ ᠠᠵᠢᠯᠴᠢᠨ ᠤ ᠡᠪᠯᠡᠯ ᠤᠨ ᠠᠵᠢᠯ ᠲᠠᠢ ᠬᠠᠷᠢᠯᠴᠠᠬᠤ ᠳᠡᠳ᠋ ᠬᠤᠳᠠ ᠶᠢᠨ ᠳᠠᠷᠤᠭ᠎ᠠ᠂ ᠵᠥᠪᠯᠡᠬᠦ ᠰᠡᠳᠦᠪ ᠤᠨ ᠠᠭᠤᠯᠭ᠎ᠠ ᠲᠠᠢ ᠬᠤᠯᠪᠣᠭᠳᠠᠬᠤ ᠪᠤᠰᠤᠳ ᠳᠡᠳ᠋ ᠬᠤᠳᠠ ᠶᠢᠨ ᠳᠠᠷᠤᠭ᠎ᠠ᠂  ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ ︵ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠯᠪᠣᠭᠳᠠᠯ ᠪᠦᠬᠦᠢ ᠳᠡᠳ᠋ ᠡᠷᠬᠢᠯᠡᠭᠴᠢ︶᠂ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠴᠢ ᠶᠢᠨ ᠬᠠᠷᠢᠭᠤᠴᠠᠯᠭᠠᠲᠠᠨ︔ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠲᠠᠯ᠎ᠠ ᠳᠤ ᠶᠡᠷᠦ ᠳᠡᠭᠡᠨ᠄ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠥᠴᠢᠷ ᠪᠠᠭᠲᠠᠨ᠎ᠠ᠃ ᠬᠠᠮᠲᠤᠷᠠᠭᠰᠠᠨ ᠬᠤᠷᠠᠯᠳᠤᠭᠠᠨ ᠳᠤ ᠦᠨᠳᠦᠰᠦᠨ ᠱᠠᠲᠤᠨ ᠤ ᠨᠠᠮ ᠵᠠᠰᠠᠭ ᠤᠨ ᠺᠠᠳ᠋ᠷ᠂ ᠠᠵᠢᠯᠲᠠᠨ ᠠᠵᠢᠯᠴᠢᠨ ᠤ ᠲᠥᠯᠥᠭᠡᠯᠡᠭᠴᠢ᠂ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠲᠥᠯᠥᠭᠡᠯᠡᠭᠴᠢ ᠪᠠ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯᠲᠠᠨ ᠵᠡᠷᠭᠡ ᠶᠢ ᠤᠷᠢᠨ ᠣᠷᠣᠯᠴᠠᠭᠤᠯᠵᠤ ᠪᠣᠯᠣᠨ᠎ᠠ᠃       ᠵᠢᠷᠭᠤᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠤ ᠵᠥᠪᠯᠡᠬᠦ ᠰᠡᠳᠦᠪ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠵᠥᠪᠳᠡᠯᠴᠡᠨ ᠲᠣᠭᠲᠠᠭᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠵᠥᠪᠯᠡᠬᠦ ᠰᠡᠳᠦᠪ ᠢ ᠬᠤᠯᠪᠣᠭᠳᠠᠯ ᠪᠦᠬᠦᠢ ᠡᠭᠦᠷᠭᠡ ᠴᠢᠳᠠᠪᠤᠷᠢ  ᠶᠢ ᠡᠭᠦᠷᠭᠡᠯᠡᠵᠦ ᠪᠠᠶᠢᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠳᠤᠷᠠᠳᠤᠭᠰᠠᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ︔ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠳᠤᠷᠠᠳᠤᠭᠰᠠᠨ ᠵᠥᠪᠯᠡᠬᠦ ᠰᠡᠳᠦᠪ ᠢ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠨ ᠴᠤᠭᠯᠠᠭᠤᠯᠤᠨ᠎ᠠ᠃ ᠡᠩ ᠤᠨ ᠪᠠᠶᠢᠳᠠᠯ ᠳᠤ ᠬᠠᠮᠲᠤᠷᠠᠭᠰᠠᠨ ᠬᠤᠷᠠᠯ ᠬᠤᠷᠠᠯᠳᠤᠬᠤ ᠠᠴᠠ ᠡᠮᠦᠨ᠎ᠡ 2 ᠰᠠᠷ᠎ᠠ ᠶᠢᠨ ᠳᠣᠲᠣᠷ᠎ᠠ ᠵᠥᠪᠯᠡᠬᠦ ᠰᠡᠳᠦᠪ ᠡᠯᠰᠡᠬᠦ ᠠᠵᠢᠯ ᠢ ᠡᠬᠢᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠬᠠᠮᠲᠤᠷᠠᠨ ᠳᠤᠷᠠᠳᠤᠭᠰᠠᠨ ᠵᠥᠪᠯᠡᠬᠦ ᠰᠡᠳᠦᠪ ᠢ ᠪᠣᠯ ᠭᠤᠣᠯ ᠠᠵᠢᠯ ᠢ ᠡᠭᠦᠷᠭᠡᠯᠡᠵᠦ ᠪᠠᠶᠢᠭ᠎ᠠ ᠨᠢᠭᠡ ᠲᠠᠯ᠎ᠠ ᠨᠢ ᠳᠤᠷᠠᠳᠬᠤ ᠵᠢᠷᠤᠮ ᠢ ᠭᠦᠢᠴᠡᠳᠬᠡᠨ᠎ᠡ᠃ ᠬᠠᠮᠲᠤᠷᠠᠭᠰᠠᠨ ᠬᠤᠷᠠᠯᠳᠤᠭᠠᠨ ᠤ ᠵᠥᠪᠯᠡᠬᠦ ᠰᠡᠳᠦᠪ ᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠥᠷᠭᠡᠨ ᠢᠶᠠᠷ ᠨᠤᠲᠠᠯᠠᠬᠤ᠂ ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠢ᠃ ᠬᠤᠷᠠᠯ ᠠᠴᠠ ᠡᠮᠦᠨᠡᠬᠢ ᠵᠣᠬᠢᠴᠠᠭᠤᠯᠭ᠎ᠠ ᠶᠢ ᠴᠢᠩᠭᠠᠳᠬᠠᠵᠤ᠂ ᠵᠥᠪᠯᠡᠬᠦ ᠰᠡᠳᠦᠪ ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ ᠢ ᠰᠠᠶᠢᠲᠤᠷ ᠬᠢᠵᠦ᠂ ᠬᠤᠷᠠᠯ ᠤᠨ ᠡᠴᠦᠰ ᠲᠡᠭᠡᠨ ᠰᠠᠨᠠᠯ ᠨᠢᠭᠡᠳᠬᠦ᠂ ᠰᠢᠢᠳᠪᠦᠷᠢ ᠭᠠᠷᠭᠠᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃       ᠳᠣᠯᠣᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠤ ᠬᠤᠷᠠᠯ ᠤᠨ ᠶᠠᠪᠤᠳᠠᠯ ᠤᠨ ᠪᠡᠯᠡᠳᠬᠡᠯ ᠠᠵᠢᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠣᠯᠣᠨ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠬᠠᠮᠲᠤ ᠪᠠᠷ ᠡᠭᠦᠷᠭᠡᠯᠡᠵᠦ᠂ ᠪᠣᠳᠠᠲᠠᠢ ᠪᠡᠯᠡᠳᠬᠡᠯ ᠠᠵᠢᠯ ᠢ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠬᠠᠷᠢᠭᠤᠴᠠᠨ᠎ᠠ᠃ ᠬᠤᠷᠠᠯ ᠠᠴᠠ ᠮᠡᠳᠡᠭᠳᠡᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠳᠠᠷᠤᠮᠠᠯᠯᠠᠨ ᠲᠠᠷᠬᠠᠭᠠᠬᠤ ᠶᠢᠨ ᠬᠠᠮᠲᠤ ᠵᠠᠰᠠᠭ ᠤᠨ ᠣᠷᠳᠣᠨ ᠤ ᠲᠠᠯ᠎ᠠ ᠶᠢᠨ ᠬᠤᠷᠠᠯ ᠳᠤ ᠣᠷᠣᠯᠴᠠᠭᠰᠠᠳ ᠢ ᠵᠣᠬᠢᠴᠠᠭᠤᠯᠤᠨ᠎ᠠ᠃      ᠨᠠᠢᠮᠠᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠢ ᠵᠠᠷᠴᠢᠮ ᠳᠡᠭᠡᠷ᠎ᠡ ᠪᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠷᠣᠯᠴᠠᠵᠤ ᠤᠳᠤᠷᠢᠳᠤᠯᠭ᠎ᠠ ᠠᠴᠠ ᠡᠷᠬᠢᠯᠡᠨ᠎ᠡ᠃ ᠵᠥᠪᠯᠡᠬᠦ ᠵᠦᠢᠯ ᠳᠤ᠄ ᠳᠡᠭᠡᠷ᠎ᠡ ᠤᠳᠠᠭ᠎ᠠ ᠶᠢᠨ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠲᠤᠰ ᠤᠳᠠᠭ᠎ᠠ ᠶᠢᠨ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠤᠨ ᠪᠤᠢ ᠪᠣᠯᠤᠭᠰᠠᠨ ᠪᠠᠶᠢᠳᠠᠯ ᠵᠢᠴᠢ ᠭᠤᠣᠯ ᠠᠭᠤᠯᠭ᠎ᠠ ᠶᠢ ᠮᠡᠳᠡᠭᠳᠡᠵᠦ᠂ ᠲᠤᠰ ᠤᠳᠠᠭ᠎ᠠ ᠶᠢᠨ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠶᠠᠷᠢᠯᠴᠠᠬᠤ ᠶᠢᠨ ᠬᠠᠮᠲᠤ ᠵᠥᠪᠳᠡᠯᠴᠡᠨ ᠲᠣᠭᠲᠠᠭᠠᠵᠤ᠂ ᠲᠤᠰ ᠤᠳᠠᠭ᠎ᠠ ᠶᠢᠨ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠲᠠᠯ᠎ᠠ ᠪᠠᠷ ᠪᠠᠶᠢᠷᠢᠯᠠᠭᠤᠯᠤᠯᠲᠠ ᠬᠢᠨ᠎ᠡ᠃       ᠶᠢᠰᠦᠳᠦᠭᠡᠷ ᠵᠦᠢᠯ ᠬᠠᠮᠲᠤᠷᠠᠭᠰᠠᠨ ᠬᠤᠷᠠᠯᠳᠤᠭᠠᠨ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠬᠤᠷᠠᠯ ᠤᠨ ᠲᠣᠪᠴᠢ ᠲᠡᠮᠳᠡᠭᠯᠡᠯ ᠪᠣᠯᠭᠠᠵᠤ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠨ ᠲᠤᠭᠤᠷᠪᠢᠵᠤ᠂ ᠵᠢᠷᠤᠮ ᠶᠣᠰᠣᠭᠠᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠬᠠᠮᠲᠤᠷᠠᠭᠰᠠᠨ ᠬᠤᠷᠠᠯᠳᠤᠭᠠᠨ ᠤ ᠲᠣᠪᠴᠢ ᠲᠡᠮᠳᠡᠭᠯᠡᠯ ᠤᠨ ᠬᠡᠯᠪᠡᠷᠢ ᠪᠠᠷ ᠳᠠᠷᠤᠮᠠᠯᠯᠠᠨ ᠲᠠᠷᠬᠠᠭᠠᠨ᠎ᠠ᠃       ᠠᠷᠪᠠᠳᠤᠭᠠᠷ ᠵᠦᠢᠯ ᠬᠠᠮᠲᠤᠷᠠᠭᠰᠠᠨ ᠬᠤᠷᠠᠯᠳᠤᠭᠠᠨ ᠤ ᠤᠬᠠᠭᠤᠯᠭ᠎ᠠ ᠮᠡᠳᠡᠭᠡᠯᠡᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠣᠯᠣᠨ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠬᠠᠮᠲᠤ ᠪᠠᠷ ᠬᠠᠷᠢᠭᠤᠴᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃       ᠠᠷᠪᠠᠨ ᠨᠢᠭᠡᠳᠦᠭᠡᠷ ᠵᠦᠢᠯ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠤ ᠬᠥᠮᠥᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠠᠴᠠ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃       ᠠᠷᠪᠠᠨ ᠬᠤᠶᠠᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ ᠨᠢ ᠲᠣᠰ ᠳᠦᠷᠢᠮ ᠢᠶᠠᠷ ᠯᠠᠪᠯᠠᠯᠲᠠ ᠪᠣᠯᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠠᠳᠠᠯᠢ ᠱᠠᠲᠤᠨ ᠤ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯ ᠤᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠠᠪᠤᠳᠠᠯ ᠢ ᠡᠯ᠎ᠡ ᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠ ᠠᠵᠢᠯᠴᠢᠨ ᠤ ᠡᠪᠯᠡᠯ ᠤᠨ ᠠᠵᠢᠯ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃       ᠠᠷᠪᠠᠨ ᠭᠤᠷᠪᠠᠳᠤᠭᠠᠷ ᠵᠦᠢᠯ ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠤᠨ ᠲᠣᠭᠲᠠᠭᠠᠯ ᠤᠳ﹀᠎ ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠭᠡᠷ ᠤᠨ ﹇2020﹈ 138 ᠳ᠋ᠤᠭᠠᠷ ᠲᠣᠭᠠᠲᠤ︶᠎ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃    
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ