︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠮᠠᠨ ᠤ ᠬᠤᠲᠠ ᠬᠡᠰᠡᠭ ᠪᠤᠰᠠᠭ ᠡᠯᠡᠰᠤᠨ ᠲᠤᠪᠤᠴᠠᠭ  ᠢ ᠵᠠᠰᠠᠬᠤ ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/29
      ᠮᠠᠨ ᠤ ᠬᠤᠲᠠ᠂ ᠬᠥᠭᠡᠮᠲᠥᠭ ᠨᠤᠭᠤᠭᠠᠨ ᠠᠭᠤᠯᠠ ᠤᠰᠤ ᠪᠤᠯ ᠠᠯᠲᠠ ᠮᠥᠩᠭᠦᠨ ᠠᠭᠤᠯᠠ ᠮᠥᠨ ᠬᠡᠭᠦ  ᠤᠶᠢᠯᠠᠭᠠᠭᠲᠠᠬᠤᠨ ᠢ ᠬᠥᠨᠵᠡᠭᠡᠢ ᠥᠢᠯᠡᠲᠥᠯᠭᠡᠵᠢᠬᠦᠯᠵᠥ᠂ ᠭᠠᠵᠠᠷ ᠤᠷᠤᠨ ᠳᠠᠭᠠᠨ ᠵᠤᠬᠢᠴᠠᠭᠤᠯᠤᠨ᠂ ᠭᠠᠵᠠᠷ ᠤᠷᠤᠨ ᠤ ᠪᠠᠶᠢᠲᠠᠯ ᠢᠶᠠᠨ ᠥᠨᠲᠤᠰᠤᠯᠠᠨ ᠲᠥᠷᠥ ᠶᠢᠨ ᠪᠤᠲᠤᠯᠭ᠎ᠠ ᠬᠡᠷᠡᠭᠵᠢᠬᠦᠯᠵᠥ᠂ ᠬᠡᠰᠡᠭ ᠪᠤᠰᠠᠭ ᠡᠯᠡᠰᠤᠨ ᠲᠤᠪᠤᠴᠠᠭ ᠢ ᠵᠠᠰᠠᠬᠤ ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠡᠯᠡᠰᠤᠨ ᠲᠤᠪᠤᠴᠠᠭ ᠢ ᠰᠢᠨ᠎ᠡ ᠲᠥᠷᠢ ᠲᠥᠷᠬᠦ ᠲᠠᠢ  ᠪᠤᠯᠭᠠᠬᠤ ᠪᠠᠷ ᠪᠠᠶᠢᠨ᠎ᠠ᠃      ᠤᠷᠠᠳ ᠤᠨ ᠡᠮᠤᠨᠠᠲᠤ ᠬᠤᠰᠢᠭᠤᠨ ᠤ ᠮᠤᠨᠠ ᠠᠭᠤᠯᠠ ᠪᠠᠯᠭᠠᠰᠤᠨ ᠤ ᠶᠠᠨ ᠬᠠᠢ ᠲᠤᠰᠬᠤᠨ ᠤ ᠨᠠᠨ ᠳ᠋ᠠ ᠪᠠ ᠲᠤᠭᠤᠶᠢᠯᠠᠩ ᠤᠨ ᠬᠡᠰᠡᠭ ᠪᠤᠰᠠᠭ ᠡᠯᠡᠰᠤᠨ ᠲᠤᠪᠤᠴᠠᠭ ᠢ ᠶᠠᠷᠤᠩᠭᠡᠶᠢᠯᠡᠨ ᠵᠠᠰᠠᠬᠤ ᠵᠢᠱᠢᠶ᠎ᠡ ᠦᠵᠡᠭᠦᠯᠬᠦ  ᠴᠡᠭ ᠲᠤ᠂ ᠰᠠᠶᠢᠨ ᠲᠤᠷᠠᠴᠤᠳ ᠶᠠᠭ ᠠᠯᠢᠮ᠎ᠠ᠂ ᠴᠢᠪᠠᠭ᠎ᠠ ᠵᠡᠷᠭᠡ ᠡᠯᠡᠰᠤᠨ ᠳᠤ ᠤᠷᠭᠤᠲᠠᠭ ᠮᠤᠲᠤᠨ ᠤ ᠲᠥᠷᠥᠯ ᠢ  ᠲᠠᠷᠢᠵᠤ᠂ ᠲᠠᠴᠢᠷ ᠡᠯᠡᠰᠤ ᠶᠢ ᠨᠤᠭᠤᠭᠠᠨ ᠥᠩᠭᠡ ᠪᠠᠷ ᠬᠤᠴᠢᠭᠰᠠᠨ ᠪᠠᠶᠢᠨ᠎ᠠ᠃      ᠤᠷᠠᠳ ᠤᠨ ᠡᠮᠤᠨᠠᠲᠤ ᠬᠤᠰᠢᠭᠤᠨ ᠤ ᠤᠢ ᠰᠢᠭᠤᠢ ᠲᠠᠯ᠎ᠠ ᠨᠤᠲᠤᠭ ᠤᠨ ᠲᠤᠪᠴᠢᠶᠠᠨ ᠲᠠᠷᠤᠭ᠎ᠠ ᠵᠤᠤ ᠬᠥᠸᠧ ᠴᠧᠨ ᠬᠡᠯᠡᠬᠦ ᠳᠡᠭᠡᠨ᠄  ᠪᠢᠲᠡᠬᠦᠮᠵᠢᠯᠠᠨ ᠨᠤᠭᠤᠭᠠᠷᠠᠭᠤᠯᠬᠤ᠂ ᠨᠢᠰᠭᠡᠯ ᠢᠶᠠᠷ ᠲᠠᠷᠢᠬᠤ᠂ ᠬᠥᠮᠥᠨ ᠤ ᠬᠥᠴᠥ ᠵᠡᠷᠭᠡ ᠪᠠᠷ ᠲᠠᠮᠵᠢᠨ᠂ ᠤᠷᠭᠤᠮᠠᠯ ᠤᠨ ᠪᠥᠷᠬᠦᠴᠡ ᠶᠢᠨ ᠨᠤᠷᠮ᠎ᠡ ᠶᠢ ᠨᠡᠮᠡᠭᠲᠡᠭᠦᠯᠵᠥ᠂ ᠡᠯᠡᠰᠤ ᠶᠢ ᠰᠡᠷᠭᠡᠶᠢᠯᠡᠵᠥ ᠵᠠᠰᠠᠬᠤ᠂ ᠡᠯᠡᠰᠤᠨ ᠲᠤᠪᠤᠴᠠᠭ ᠨᠡᠬᠦᠲᠡᠯᠯᠡᠬᠦ ᠶᠢ ᠠᠰᠢᠭᠲᠠᠢ ᠪᠠᠷ  ᠬᠤᠷᠢᠭᠯᠠᠨ᠎ᠠ ᠬᠡᠵᠤ ᠪᠠᠶᠢᠯ᠎ᠠ᠃      ᠥᠨᠥ ᠵᠢᠯ᠂ ᠤᠷᠠᠳ ᠤᠨ ᠡᠮᠤᠨᠠᠲᠤ ᠬᠤᠰᠢᠭᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠠᠲᠤᠨ ᠭᠤᠤᠯ ᠤᠨ ︽ᠲᠤᠬᠤᠢ︾  ᠶᠢᠨ ᠰᠢᠪᠲᠤᠯᠤᠯᠲᠠ ᠶᠢᠨ ᠲᠠᠶᠢᠯᠠᠯᠲᠤᠭᠠᠨ ᠳᠤ ᠰᠠᠭᠤᠷᠢᠯᠠᠨ᠂ ᠬᠡᠰᠡᠭ ᠪᠤᠰᠠᠭ ᠡᠯᠡᠰᠤᠨ ᠲᠤᠪᠤᠴᠠᠭ ᠤᠨ ᠵᠠᠰᠠᠯᠲᠠ ᠶᠢᠨ ᠠᠵᠢᠯ ᠢ ᠥᠷᠨᠢᠬᠦᠯᠵᠥ᠂ 1096.13 ᠲᠥᠮᠠᠨ ᠲᠥᠬᠦᠷᠢᠭ ᠤᠨ ᠪᠡᠯᠡ ᠤᠷᠤᠭᠤᠯᠤᠨ᠂ ᠪᠥᠬᠦ ᠬᠤᠰᠢᠭᠤᠨ ᠤ 19100 ᠮᠤ᠋ ᠬᠡᠰᠡᠭ ᠪᠤᠰᠠᠭ ᠡᠯᠡᠰᠤᠨ ᠲᠤᠪᠤᠴᠠᠭ ᠢ ᠨᠢᠭᠡᠲᠥᠯᠲᠡᠢ ᠵᠠᠰᠠᠬᠤ ᠪᠠᠷ ᠪᠠᠶᠢᠨ᠎ᠠ᠃      ᠤᠷᠠᠳ ᠤᠨ ᠡᠮᠤᠨᠠᠲᠤ ᠬᠤᠰᠢᠭᠤᠨ ᠤ ᠤᠢ ᠰᠢᠭᠤᠢ ᠲᠠᠯ᠎ᠠ ᠨᠤᠲᠤᠭ ᠤᠨ ᠲᠤᠪᠴᠢᠶᠠᠨ ᠲᠠᠷᠤᠭ᠎ᠠ ᠵᠤᠤ ᠬᠥᠸᠧ ᠴᠧᠨ ᠬᠡᠯᠡᠬᠦ ᠳᠡᠭᠡᠨ᠄  2024-2025  ᠬᠤᠶᠠᠷ ᠵᠢᠯ ᠤᠨ ᠴᠠᠭ ᠢ ᠬᠡᠷᠡᠭᠰᠡᠨ᠂ ᠤᠷᠠᠳ ᠤᠨ ᠡᠮᠤᠨᠡᠲᠤ ᠬᠤᠰᠢᠭᠤᠨ ᠤ ᠬᠠᠷᠢᠶᠠᠨ ᠳᠠᠬᠢ 1.91 ᠲᠥᠮᠠᠨ ᠮᠤ᠋ ᠡᠯᠡᠰᠤᠨ ᠲᠤᠪᠤᠴᠠᠭ ᠢ ᠪᠥᠬᠦᠲᠡ ᠶᠢ ᠵᠠᠰᠠᠵᠤ ᠲᠠᠭᠤᠰᠬᠠᠬᠤ ᠪᠠᠷ ᠲᠥᠯᠥᠪᠯᠡᠵᠥ ᠪᠠᠶᠢᠨ᠎ᠠ ᠬᠡᠯ᠎ᠡ᠃      ᠮᠠᠨ ᠤ ᠬᠤᠲᠠ᠂ ︽ᠭᠤᠷᠪᠠᠨ ᠤᠮᠠᠷᠠᠲᠤ︾ ᠵᠡᠷᠭᠡ ᠭᠤᠤᠯᠲᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠷᠬᠦᠯᠵᠢᠯᠠᠨ ᠲᠥᠯᠬᠢᠨ ᠠᠬᠢᠭᠤᠯᠵᠤ᠂ ᠬᠤᠶᠠᠷ ᠵᠢᠯ ᠤᠨ  ᠴᠠᠭ ᠢ ᠬᠡᠷᠡᠭᠰᠡᠨ ᠬᠡᠰᠡᠭ ᠪᠤᠰᠠᠭ ᠠᠯᠰᠤᠨ ᠲᠤᠪᠤᠴᠠᠭ ᠢ ᠪᠥᠬᠦ ᠲᠠᠯ᠎ᠠ ᠪᠠᠷ ᠵᠠᠰᠬᠠᠤ ᠶᠢ ᠲᠤᠲᠤᠷᠬᠠᠢ ᠲᠤᠷᠠᠳᠴᠠᠢ᠃ ᠡᠯᠡᠰᠤᠨ ᠲᠤᠪᠤᠴᠠᠭ ᠤᠨ ᠤᠨᠴᠠᠯᠢᠭ ᠵᠢᠴᠢ ᠬᠤᠤᠷ ᠬᠥᠨᠥᠭᠡᠯ ᠤᠨ ᠬᠡᠮᠵᠢᠶ᠎ᠡ ᠲᠠᠢ ᠤᠶᠠᠯᠲᠤᠭᠤᠯᠤᠨ᠂ ᠵᠠᠰᠠᠯᠲᠠ ᠶᠢᠨ ᠲᠥᠰᠥᠯ ᠲᠤᠭᠲᠠᠭᠠᠵᠤ᠂ ᠨᠢᠭᠡ ᠲᠤᠪᠤᠴᠠᠭ ᠲᠤ ᠨᠢᠭᠡ ᠠᠷᠭ᠎ᠠ ᠭᠠᠷᠭᠠᠨ᠂ ᠡᠮᠬᠢ ᠲᠠᠷᠠᠭ᠎ᠠ ᠲᠠᠢ ᠠᠵᠢᠯ ᠢᠶᠠᠨ ᠲᠥᠯᠬᠢᠨ  ᠠᠬᠢᠭᠤᠯᠵᠤ ᠪᠠᠶᠢᠨ᠎ᠠ᠃ ᠪᠥᠬᠦ ᠬᠤᠲᠠ ᠳᠤ ᠨᠡᠶᠢᠲᠡ5.27 ᠲᠥᠮᠠᠨ ᠮᠤ᠋ ᠬᠡᠰᠡᠭ ᠪᠤᠰᠠᠭ ᠡᠯᠡᠰᠤᠨ ᠲᠤᠪᠤᠴᠠᠭ ᠪᠠᠶᠢᠵᠤ᠂ 6 ᠬᠤᠰᠢᠭᠤ ᠰᠢᠶᠠᠨ ᠲᠤᠭᠤᠷᠢᠭ ᠤᠨ28 ᠰᠤᠮᠤ ᠪᠠᠯᠭᠠᠰᠤ᠂ 78 ᠭᠠᠴᠠᠭ᠎ᠠ ᠲᠤᠰᠬᠤᠨ ᠲᠠᠢ ᠬᠤᠯᠪᠤᠭᠲᠠᠭᠰᠠᠨ ᠪᠠᠶᠢᠨ᠎ᠠ᠃ ᠵᠢᠯ ᠤᠨ ᠵᠠᠰᠠᠯᠲᠠ ᠶᠢᠨ ᠬᠠᠷᠠᠯᠲᠠᠲᠤ ᠡᠬᠦᠷᠭᠡ ᠶᠤᠰᠤᠭᠠᠷ᠂ 2024 ᠤᠨ ᠳᠤ ᠶᠠᠷᠤᠩᠭᠡᠢ ᠡᠭᠦᠷᠭᠡ ᠶᠢᠨ ᠢᠶᠠᠨ 70% ᠠᠴᠠ ᠲᠡᠭᠡᠭᠰᠢᠬᠢ ᠶᠢ ᠪᠠᠶᠠᠯᠠᠬᠦᠯᠵᠥ᠂ 2025 ᠤᠨ ᠳᠤ ᠪᠥᠬᠦᠨ ᠢ ᠪᠡᠶᠡᠯᠡᠬᠦᠯᠬᠦ  ᠪᠠᠷ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ