︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠦᠶᠤᠸᠠᠨ ᠰᠢᠶᠠᠨ ᠠᠵᠤ ᠠᠬᠤᠢ ᠶᠢᠨ ᠤᠢ ᠶᠢ ᠭᠦᠭᠵᠢᠭᠦᠯᠦᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠭᠢᠭᠤᠯᠵᠤ  ᠪᠠᠶᠢᠨ᠎ᠠ
ᠨᠡᠶᠢᠲᠡᠯᠡᠭᠰᠡᠨ ᠴᠠᠭ᠄
2024/4/29
      ᠦᠶᠤᠸᠠᠨ ᠰᠢᠶᠠᠨ ᠣᠶᠢᠵᠢᠭᠤᠯᠵᠤ ᠨᠣᠭᠤᠭᠠᠷᠠᠭᠤᠯᠬᠤ ᠪᠠ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠤᠶᠠᠯᠳᠤᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠠ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠶᠢ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠶᠢᠨ ᠤᠢ ᠶᠢ ᠠᠮᠢ ᠠᠬᠤᠢ ᠶᠢᠨ ᠵᠠᠰᠠᠯᠲᠠ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠭᠦ ᠪᠠᠶᠠᠵᠢᠯ ᠤᠨ ᠤᠢ ᠪᠤᠯᠭᠠᠵᠤ ᠪᠠᠶᠢᠨ᠎ᠠ᠃       ᠦᠶᠤᠸᠠᠨ ᠰᠢᠶᠠᠨ ᠤ ᠷᠦᠩ ᠹᠧᠩ ᠬᠡᠷᠡᠭ ᠡᠷᠬᠢᠯᠡᠬᠦ ᠭᠠᠵᠠᠷ ᠤᠨ ᠶᠦᠩ ᠰᠢᠩ ᠲᠣᠰᠬᠤᠨ ᠳᠤ᠂ ᠲᠣᠰᠬᠤᠨ ᠤ ᠠᠷᠠᠳ ᠤᠳ ᠰᠠᠶ᠋ᠢᠬᠠᠨ ᠦᠨ᠎ᠡ ᠲᠦᠯᠦᠪᠦᠷᠢ ᠦᠭᠡᠢ ᠪᠠᠷ ᠣᠯᠵᠤ ᠠᠪᠤᠭᠰᠠᠨ  ᠠᠯᠢᠮ᠎ᠠ ᠶᠢᠨ ᠦᠷ᠎ᠡ ᠶᠢ ᠲᠣᠰᠬᠤᠨ ᠤ ᠵᠠᠮ ᠤᠨ ᠬᠤᠶᠠᠷ ᠲᠠᠯ᠎ᠠ ᠳᠤ ᠵᠠᠶᠢᠯᠠᠵᠤ ᠪᠠᠶᠢᠯ᠎ᠠ᠃ ᠰᠢᠶᠠᠨ ᠤ ᠲᠠᠷᠢᠶᠠᠯᠠᠩ ᠤᠨ ᠮᠡᠷᠭᠡᠵᠢᠯ ᠤᠨ ᠠᠵᠢᠯᠳᠠᠳ ᠲᠤᠬᠠᠢ ᠶᠢᠨ ᠲᠠᠯᠠᠪᠤᠷ ᠲᠤ ᠵᠢᠭᠠᠨ  ᠵᠢᠯᠤᠭᠤᠳᠬᠤ ᠶᠢᠨ ᠲᠠᠭᠤ ᠲᠠᠷᠢᠶᠠᠴᠢᠳ ᠢ ᠬᠠᠪᠰᠤᠷᠤᠨ ᠭᠠᠵᠠᠷ ᠰᠢᠷᠣᠢ ᠶᠢ ᠲᠡᠭᠰᠢᠯᠡᠬᠦ᠂ ᠨᠦᠬᠡ ᠮᠠᠯᠲᠠᠬᠤ᠂ ᠮᠤᠳᠤ ᠲᠠᠷᠢᠬᠤ᠂ ᠰᠢᠷᠦᠢ ᠪᠠᠷ ᠪᠢᠲᠡᠭᠦᠮᠵᠢᠯᠡᠬᠦ ᠵᠡᠷᠭᠡ ᠣᠯᠠᠨ ᠤ ᠬᠠᠮᠲᠤ ᠶᠢᠨ ᠴᠢᠷᠮᠠᠢᠯᠭ᠎ᠠ ᠳᠣᠣᠷ᠎ᠠ᠂ ᠨᠢᠭᠡ ᠨᠢᠭᠡ ᠮᠦᠷ ᠲᠠᠷᠢᠵᠤ ᠤᠷᠭᠤᠭᠤᠯᠤᠭᠰᠠᠨ ᠠᠯᠢᠮ᠎ᠠ ᠶᠢᠨ ᠮᠣᠳᠣ ᠤᠷᠢᠬᠠᠨ ᠰᠠᠯᠬᠢᠨ ᠤ ᠠᠶ᠎ᠠ ᠪᠠᠷ ᠨᠠᠮᠢᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃       ᠦᠶᠤᠸᠠᠨ ᠰᠢᠶᠠᠨ ᠤ ᠷᠦᠩ ᠹᠧᠩ ᠬᠡᠷᠡᠭ ᠡᠷᠬᠢᠯᠡᠬᠦ ᠭᠠᠵᠠᠷ ᠤᠨ ᠶᠦᠩ ᠰᠢᠩ ᠲᠣᠰᠬᠤᠨ ᠤ ᠨᠠᠮ ᠤᠨ ᠡᠭᠦᠷ ᠤᠨ ᠱᠦᠵᠢ ᠢᠤ ᠹᠧᠩ ᠭᠦᠸᠧ ᠰᠤᠷᠪᠤᠯᠵᠢᠯᠠᠭᠴᠢ ᠳᠤ ᠮᠠᠨ ᠤ ᠶᠦᠩ ᠰᠢᠩ ᠲᠣᠰᠬᠤᠨ ᠨᠢ ᠠᠯᠢᠮ᠎ᠠ ᠶᠢᠨ ᠠᠵᠤ ᠦᠢᠯᠡᠰ ᠢᠶᠠᠷ ᠭᠤᠣᠯ ᠭᠠᠷᠳᠠᠴᠠ ᠪᠣᠯᠭᠠᠵᠤ᠂ ᠠᠵᠤ ᠠᠬᠤᠢ ᠶᠢᠨ ᠣᠶ ᠰᠢᠭᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠯᠢᠮ᠎ᠠ ᠶᠢᠨ ᠨᠠᠷᠠᠲᠤ  ᠲᠡᠮᠳᠡᠭ ᠡᠭᠦᠳᠭᠦ ᠶᠢ ᠲᠦᠷᠭᠡᠳᠬᠡᠨ ᠠᠬᠢᠭᠤᠯᠵᠤ᠂ ᠠᠯᠢᠮ᠎ᠠ ᠶᠢᠨ ᠮᠤᠳᠤ ᠶᠢ ᠲᠣᠰᠬᠤᠨ ᠤ ︽ᠨᠢᠭᠡ ᠲᠣᠰᠬᠤᠨ ᠳᠤ ᠨᠢᠭᠡ ᠦᠢᠯᠡᠳᠬᠦᠨ︾ ᠤ ᠲᠤᠯᠭᠠᠭᠤᠷᠢ ᠠᠵᠤ ᠦᠢᠯᠡᠰ ᠤᠨ ᠨᠢᠭᠡ ᠪᠤᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ︾  ᠶᠢ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ︽ᠠᠯᠳᠠ ᠮᠥᠩᠭᠦᠨ ᠠᠭᠤᠯᠠ︾ ᠪᠤᠯᠭᠠᠨ᠎ᠠ ᠭᠡᠪᠡ᠃       ᠡᠨᠡ ᠵᠢᠯ ᠦᠶᠤᠸᠠᠨ ᠰᠢᠶᠠᠨ ᠤ ᠷᠦᠩ ᠹᠧᠩ ᠬᠡᠷᠡᠭ ᠡᠷᠬᠢᠯᠡᠬᠦ ᠭᠠᠵᠠᠷ ᠨᠢ 4000 ᠭᠠᠷᠤᠢ ᠰᠠᠭᠤᠷᠢ ᠵᠢᠮᠢᠰ ᠤᠨ ᠮᠣᠳᠣ ᠲᠠᠷᠢᠬᠤ ᠪᠠᠷ ᠲᠥᠯᠥᠪᠯᠡᠵᠦ᠂ ᠬᠠᠮᠲᠤ ᠶᠢᠨ ᠣᠶ ᠰᠢᠭᠤᠢ ᠶᠢᠨ ᠬᠥᠷᠥᠩᠭᠡ ᠳᠤ ᠲᠦᠰᠢᠭᠯᠡᠨ᠂ ᠬᠦᠢᠯᠡᠰᠦ᠂ ᠠᠯᠢᠮ᠎ᠠ᠂ ᠲᠦᠪᠡᠳ ᠭᠦᠢᠯᠡᠰᠤ ᠵᠡᠷᠭᠡ ᠣᠨᠴᠠᠯᠢᠭᠲᠤ ᠠᠵᠤ ᠠᠬᠤᠢ ᠶᠢᠨ ᠤᠢ ᠶᠢ ᠲᠣᠮᠣ ᠠᠵᠤ ᠦᠢᠯᠡᠰ ᠪᠣᠯᠭᠠᠨ ᠭᠦᠭᠵᠢᠭᠦᠯᠵᠤ᠂ ᠠᠵᠤ ᠠᠬᠤᠢ ᠶᠢᠨ ᠦᠷ᠎ᠡ ᠠᠰᠢᠭ ᠪᠣᠯᠣᠨ ᠠᠮᠢ ᠠᠬᠤᠢ ᠶᠢᠨ ᠦᠷ᠎ᠡ ᠠᠰᠢᠭ ᠤᠨ ᠬᠤᠣᠰ ᠨᠡᠮᠡᠭᠳᠡᠯ ᠢ ᠪᠡᠶᠡᠯᠡᠭᠦᠯᠭᠦ ᠪᠤᠯᠤᠨ᠎ᠠ᠃ ᠡᠭᠦᠨ ᠤ ᠲᠠᠭᠤ ᠲᠣᠰᠬᠤᠨ ᠤ ᠠᠷᠠᠳ  ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠣᠷᠣᠨ ᠰᠠᠭᠤᠴᠠ  ᠶᠢᠨ ᠠᠷᠤ ᠥᠪᠥᠷ ᠤᠨ ᠰᠤᠯᠠ ᠭᠠᠵᠠᠷ  ᠢ ᠡᠮᠬᠢᠯᠡᠨ ᠨᠡᠶᠢᠯᠡᠭᠦᠯᠵᠦ᠂ ︽ᠬᠦᠷᠢᠶ᠎ᠡ ᠬᠠᠰᠢᠶ᠎ᠠ  ᠶᠢᠨ ᠠᠵᠤ ᠠᠬᠤᠢ︾ ᠶᠢ ᠬᠥᠭᠵᠢᠭᠦᠯᠵᠦ᠂ ᠠᠵᠤ ᠠᠬᠤᠢ ᠶᠢᠨ ᠤᠢ ᠶᠢ ᠦᠨᠡᠨᠬᠦ ᠲᠠᠷᠢᠶᠠᠴᠢᠳ ᠢ ᠳᠡᠮᠵᠢᠵᠦ ᠣᠷᠣᠯᠭ᠎ᠠ ᠶᠢ ᠨᠢ ᠨᠡᠮᠡᠭᠳᠡᠭᠦᠯᠬᠦ ᠰᠢᠨ᠎ᠡ ᠬᠢᠯᠠᠰ ᠴᠡᠭ ᠪᠤᠯᠭᠠᠬᠤ ᠪᠤᠯᠤᠨ᠎ᠠ᠃       ᠦᠶᠤᠸᠠᠨ ᠰᠢᠶᠠᠨ ᠤ ᠷᠥᠩ ᠹᠧᠩ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠯᠦ ᠵᠧᠩ ᠢᠦᠢ ᠰᠤᠷᠪᠤᠯᠵᠢᠯᠠᠭᠴᠢ ᠳᠤ ᠤᠳᠤ ᠪᠣᠯᠲᠠᠯ᠎ᠠ ᠪᠢᠳᠡ ᠠᠵᠤ ᠠᠬᠤᠢ ᠶᠢᠨ ᠤᠢ ᠶᠢᠨ ᠵᠢᠱᠢᠶ᠎ᠡ ᠦᠵᠡᠭᠦᠯᠬᠦ ᠬᠤᠷᠰᠢᠶ᠎ᠠ 12 ᠪᠠᠶᠢᠭᠤᠯᠵᠤ᠂ ᠠᠯᠢᠮ᠎ᠠ᠂ ᠲᠤᠭᠤᠷ᠂  ᠬᠠᠷ᠎ᠠ ᠴᠢᠪᠠᠭ᠎ᠠ᠂ ᠬᠦᠢᠯᠡᠰᠦ ᠵᠡᠷᠭᠡ ᠡᠯ᠎ᠡ ᠲᠦᠷᠦᠯ ᠤᠨ ᠵᠢᠮᠢᠰ ᠤᠨ ᠮᠣᠳᠣ ᠶᠢ ᠨᠡᠶᠢᠳᠡ 15000 ᠭᠠᠷᠤᠢ ᠰᠠᠭᠤᠷᠢ ᠲᠠᠷᠢᠭᠰᠠᠨ ᠭᠡᠪᠡ᠃       ᠦᠶᠤᠸᠠᠨ ᠰᠢᠶᠠᠨ ᠠᠵᠤ ᠠᠬᠤᠢ ᠶᠢᠨ ᠣᠶ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠬᠦᠷᠢᠶᠡᠯᠡᠩ ᠲᠣᠭᠤᠷᠢᠭ ᠢᠶᠠᠷ ᠬᠥᠲᠥᠯᠥᠨ ᠳᠠᠭᠠᠭᠤᠯᠬᠤ᠂ ᠲᠠᠷᠢᠶᠠᠴᠢᠳ ᠣᠷᠣᠯᠴᠠᠭᠰᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ᠂ ᠨᠠᠷᠠᠲᠤ ᠲᠥᠷᠥᠯ ᠲᠡᠮᠳᠡᠭᠲᠦ ᠶᠢ ᠡᠭᠦᠳᠦᠭᠰᠡᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠤᠢ ᠪᠤᠯᠭᠠᠨ᠂ ︽ᠨᠣᠭᠤᠭᠠᠷᠠᠭᠤᠯᠬᠤ︾ ︽ᠭᠤᠶᠣᠵᠢᠭᠤᠯᠬᠤ︾  ᠠᠴᠠ ︽ᠪᠠᠶᠠᠵᠢᠭᠤᠯᠬᠤ︾ ᠵᠦᠭ ᠬᠤᠪᠢᠷᠠᠭᠤᠯᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠦᠶᠤᠸᠠᠨ ᠰᠢᠶᠠᠨ ᠤ ᠠᠵᠤ ᠠᠬᠤᠢ ᠶᠢᠨ ᠣᠶ ᠶᠢᠨ ᠶᠡᠷᠦᠩᠬᠡᠢ ᠲᠠᠯᠠᠪᠠᠶ 2 ᠲᠦᠮᠡᠨ ᠮᠦ᠂ ᠵᠢᠮᠢᠰ ᠰᠠᠭᠤᠭᠰᠠᠨ ᠲᠠᠯᠠᠪᠠᠶ 5000 ᠭᠠᠷᠤᠢ ᠮᠦ ᠭᠦᠷᠴᠤ᠂ ᠵᠢᠯ ᠤᠨ ᠤᠨᠠᠯᠲᠠ 3206 ᠲᠣᠨ ᠪᠠᠶᠢᠵᠤ᠂ ᠲᠦᠷᠦᠯ ᠵᠤᠶᠢᠯ ᠨᠢ ︽ᠤᠯᠠᠭᠠᠨ᠂ ᠨᠣᠭᠤᠭᠠᠨ︾ ᠠᠯᠢᠮ᠎ᠠ ᠪᠠ ᠲᠠᠬᠢᠶᠠᠨ ᠭᠤᠣᠯᠲᠤ ᠵᠢᠮᠢᠰ ᠢᠶᠠᠷ ᠭᠤᠣᠯᠯᠠᠵᠤ᠂ ᠪᠤᠰᠤᠳ ᠵᠢᠵᠢᠭ ᠬᠤᠯᠢᠮᠠᠭ ᠵᠢᠮᠢᠰ ᠲᠠᠢ ᠬᠠᠮᠳᠤᠷᠠᠭᠤᠯᠤᠨ ᠲᠠᠷᠢᠵᠤ᠂ ᠦᠢᠯᠡᠳᠬᠦᠨ ᠤ ᠥᠷᠲᠡᠭ1600 ᠭᠠᠷᠤᠢ ᠲᠦᠮᠡᠨ ᠲᠥᠭᠦᠷᠢᠭ ᠲᠤ ᠬᠦᠷᠴᠦ᠂ ᠠᠵᠤ ᠦᠢᠯᠡᠰ ᠢ ᠬᠦᠴᠦᠷᠬᠡᠭᠵᠢᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠭᠤᠰᠤᠯᠴᠠᠨ ᠬᠥᠭᠵᠢᠬᠦ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ