︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ —ᠮᠠᠨ ᠤ ᠬᠤᠳᠠ ᠶᠢᠨ ᠡᠯ᠎ᠡ ᠭᠠᠵᠠᠷ ᠤᠨ ᠬᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢ ᠬᠠᠮᠲᠤᠪᠠᠷ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/29
      ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠡᠯ᠎ᠡ ᠭᠠᠵᠠᠷ ᠤᠨ ᠺᠠᠳ᠋ᠷ ᠣᠯᠠᠨ ᠲᠦᠮᠡᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ ᠠᠮᠢ ᠠᠬᠤᠢ ᠶᠢᠨ ᠨᠣᠭᠤᠭᠠᠷᠠᠭᠤᠯᠤᠯᠲᠠ ᠶᠢ ᠬᠠᠮᠲᠤᠪᠠᠷ ᠬᠠᠮᠠᠭᠠᠯᠠᠨ᠎ᠠ᠃      ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠠᠯᠪᠠᠨ ᠤ ᠴᠡᠷᠢᠭ᠂ ᠡᠷᠦᠬᠡ ᠶᠢᠨ ᠴᠡᠷᠢᠭ᠂ ᠴᠡᠷᠢᠭ ᠠᠴᠠ ᠬᠠᠯᠠᠭᠳᠠᠭᠰᠠᠳ᠂  ᠪᠠᠭᠠᠴᠤᠳ ᠤᠨ ᠴᠡᠷᠢᠭ ᠤᠨ ᠰᠤᠷᠭᠠᠭᠤᠯᠢ ᠶᠢᠨ ᠰᠣᠷᠣᠭᠴᠢ᠂ ᠣᠶᠤᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠲᠠᠨ  ᠢ ᠵᠤᠬᠢᠶᠠᠨ ᠪᠠᠶᠢᠭᠤᠯᠵᠤ᠂ ᠤᠯᠤᠰ ᠠᠴᠠ ᠡᠵᠡᠩᠨᠡᠭᠰᠡᠨ ᠰᠢᠨᠬᠤᠸᠠ ᠤᠢ ᠰᠢᠭᠤᠢ ᠶᠢᠨ ᠲᠠᠯᠠᠪᠠᠢ ᠳᠤ᠂ ᠴᠡᠷᠢᠭ ᠠᠷᠠᠳ ᠬᠠᠮᠲᠤᠪᠠᠷ ︽ᠬᠤᠶᠠᠷ ᠢ ᠬᠦᠷᠢᠶᠡᠯᠡᠬᠦ ᠤᠢ ︾ ᠶᠢ  ᠪᠠᠶᠢᠭᠤᠯᠬᠤ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠶᠢ ᠥᠷᠨᠢᠭᠦᠯᠪᠡ᠃  ᠤᠯᠠᠨ  ᠢᠶᠠᠷ ᠢᠶᠠᠨ ᠬᠦᠷᠵᠡ ᠬᠤᠷᠤᠶᠢᠯᠠᠵᠤ ᠰᠢᠷᠣᠢ ᠮᠠᠯᠲᠠᠵᠤ᠂ ᠮᠣᠳᠣ  ᠲᠠᠷᠢᠵᠤ ᠤᠰᠤᠯᠠᠨ᠂  ᠰᠢᠨ᠎ᠡ ᠪᠠᠷ ᠰᠠᠭᠤᠯᠭᠠᠭᠰᠠᠨ ᠵᠤᠯᠵᠠᠭ᠎ᠠ ᠮᠣᠳᠣ ᠨᠤᠭᠤᠳ ᠰᠡᠬᠦᠶᠢᠨ ᠰᠦᠨᠳᠡᠷᠯᠡᠵᠦ᠂ ︽ᠬᠤᠶᠠᠷ ᠢ ᠬᠦᠷᠢᠶᠡᠯᠡᠬᠦ ᠤᠢ︾ ᠳᠤᠮᠳᠠ ︽ᠦᠨᠳᠦᠰᠦ ᠬᠠᠳᠬᠤᠵᠤ ᠨᠤᠲᠤᠭᠰᠢᠨ᠎ᠠ︾᠃      ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ᠂ ᠬᠤᠲᠠ ᠶᠢᠨ ᠬᠤᠶᠠᠷ ᠢ ᠬᠦᠷᠢᠶᠡᠯᠡᠬᠦ ᠠᠯᠪᠠᠨ ᠭᠡᠷ ᠤᠨ ᠳᠡᠳ᠋ ᠡᠷᠬᠢᠯᠡᠭᠴᠢ ᠵᠣᠣ ᠶᠦᠩ ᠯᠢᠶᠠᠩ ᠤᠨ ᠬᠡᠯᠡᠬᠦ ᠪᠠᠷ᠂ ᠡᠨᠡ ᠤᠳᠠᠭ᠎ᠠ ᠶᠢᠨ ᠠᠵᠢᠯᠯᠠᠭ᠎ᠠ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠭᠰᠡᠨ ᠮᠥᠷᠲᠡᠭᠡᠨ ᠠᠮᠢ ᠠᠬᠤᠢ ᠶᠢᠨ ᠪᠣᠯᠪᠠᠰᠤᠨ ᠢ ᠬᠥᠭᠵᠢᠭᠦᠯᠵᠡᠢ᠂ ᠲᠠᠷᠠᠭᠠᠴᠢ ᠶᠢᠨ ᠠᠯᠬᠤᠮ ᠳᠤ ᠬᠤᠲᠠ ᠶᠢᠨ ᠬᠤᠶᠠᠷ ᠢ ᠬᠦᠷᠢᠶᠡᠯᠡᠬᠦ ᠠᠯᠪᠠᠨ ᠭᠡᠷ ᠣᠯᠠᠨ ᠬᠡᠯᠪᠡᠷᠢ ᠶᠢᠨ ᠬᠤᠶᠠᠷ ᠢ ᠬᠦᠷᠢᠶᠡᠯᠡᠬᠦ  ᠠᠵᠢᠯᠯᠠᠭ᠎ᠠ  ᠶᠢ ᠦᠷᠬᠦᠯᠵᠢᠯᠡᠨ ᠦᠷᠨᠢᠬᠦᠯᠵᠤ᠂ ᠮᠠᠨ ᠤ ᠬᠤᠲᠠ ᠶᠢᠨ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠢᠷᠠᠭᠤ ᠠᠯᠳᠠᠷ ᠤᠨ ᠴᠣᠯᠠ ᠶᠢ ᠠᠮᠵᠢᠯᠲᠠ ᠲᠠᠢ ᠡᠭᠦᠳᠬᠦ ᠳᠤ ᠬᠦᠴᠦᠨ ᠴᠢᠳᠠᠯ ᠢᠶᠠᠨ  ᠨᠡᠮᠡᠷᠢᠯᠡᠨ᠎ᠡ ᠭᠡᠵᠤ ᠪᠠᠶᠢᠯ᠎ᠠ ᠃      ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠶᠠᠨᠬᠠᠢ ᠲᠣᠰᠬᠤᠨ᠂ ᠤᠷᠠᠳ ᠤᠨ ᠬᠤᠶᠢᠲᠤ ᠬᠤᠰᠢᠭᠤᠨ ᠤ ᠪᠠᠷᠠᠭᠤᠨ ᠪᠤᠯᠤᠩ ᠤᠨ ᠣᠶ ᠰᠢᠭᠤᠢ ᠶᠢᠨ ᠦᠢᠯᠡᠰ ᠤᠨ ᠬᠠᠮᠢᠶᠠᠷᠤᠯᠲᠠ ᠬᠠᠮᠠᠭᠠᠯᠠᠯᠲᠠ  ᠶᠢᠨ ᠲᠦᠪ᠂ ᠬᠠᠩᠭᠢᠨ ᠬᠤᠶᠢᠲᠤ ᠬᠤᠰᠢᠭᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ᠂ ᠦᠶᠤᠸᠠᠨ ᠰᠢᠶᠠᠨ ᠤ  ᠲᠤᠷᠤᠭ ᠪᠠᠯᠭᠠᠰᠤᠨ ᠤ ᠬᠤᠩ ᠭᠤᠸᠠᠩ ᠲᠣᠰᠬᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠰᠤᠷᠭᠠᠭᠤᠯᠢ ᠶᠢᠨ ᠪᠠᠭᠰᠢ ᠰᠤᠷᠤᠭᠴᠢ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯ ᠬᠤᠪᠢᠶᠠᠷᠢᠯᠠᠨ ᠬᠠᠮᠵᠢᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠨ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠦᠰᠡᠯ ᠡᠷᠡᠮᠡᠯᠵᠡᠯ ᠤᠨ ᠮᠤᠳᠤ ᠲᠠᠷᠢᠵᠤ᠂ ᠪᠣᠬᠢᠷᠲᠤᠯ ᠦᠭᠡᠢ ᠠᠮᠢ ᠠᠬᠤᠢ ᠶᠢᠨ ᠭᠡᠷ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃      ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠵᠣᠣ ᠭᠦᠸᠧ ᠴᠧᠨ ᠤ ᠬᠡᠯᠡᠬᠦ ᠪᠠᠷ᠂ ᠡᠨᠡ ᠤᠳᠠᠭᠠᠨ ᠤ  ᠠᠵᠢᠯᠯᠠᠭ᠎ᠠ ᠪᠠᠷ  ᠳᠠᠮᠵᠢᠨ᠂  ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠪᠦᠬᠦᠯᠢ ᠴᠣᠭᠴᠠ ᠪᠠᠷ ᠨᠢ ᠮᠠᠨ ᠤ ᠤᠷᠠᠳ ᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ  ᠠᠬᠢᠭᠤᠯᠤᠭᠰᠠᠨ ᠭᠡᠪᠡ᠃      ᠳ᠋ᠧᠩᠺᠸᠤ ᠰᠢᠶᠠᠨ ᠤ ᠬᠢᠨ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠶᠢ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ  ᠪᠤᠯᠭᠠᠨ᠂ ᠡᠨᠡ ᠬᠤᠶᠠᠷ ᠡᠳᠦᠷ ᠮᠢᠩᠭ᠎ᠠ ᠭᠠᠷᠤᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ  ᠳᠤ ᠬᠦᠴᠤᠨ ᠴᠢᠳᠠᠯ ᠢᠶᠠᠨ ᠨᠡᠮᠡᠷᠢᠯᠡᠨ᠎ᠡ᠃      ᠳ᠋ᠧᠩᠺᠸᠤ  ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠠᠰᠤᠭ ᠤᠨ ᠳᠠᠷᠤᠭ᠎ᠠ ᠵᠢᠶᠠᠩ ᠯᠦᠩ  ᠸᠧᠨ ᠰᠤᠷᠪᠤᠯᠵᠢᠯᠠᠭᠴᠢ ᠳᠤ᠂ ᠪᠦᠬᠦ ᠰᠢᠶᠠᠨ ᠤ ᠺᠠᠳ᠋ᠷ ᠠᠵᠢᠯᠲᠠᠨ ᠢ ᠲᠠᠶᠢᠴᠢᠯᠠᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠦᠷᠨᠢᠬᠦᠯᠵᠤ᠂ 20 ᠡᠳᠦᠷ ᠤᠨ ᠴᠠᠭ ᠢ ᠠᠰᠢᠭᠯᠠᠵᠤ᠂  ᠵᠠᠰᠠᠮᠠᠯ ᠵᠠᠮ᠂ ᠲᠣᠰᠬᠤᠨ᠂ ᠬᠦᠷᠢᠶᠡᠯᠡᠩ ᠲᠣᠭᠤᠷᠢᠭ ᠢᠶᠠᠷ ᠭᠤᠤᠯᠳᠠᠭᠤᠯᠵᠤ ᠬᠥᠷᠥᠰᠥ ᠰᠢᠷᠣᠢ ᠶᠢ  ᠨᠤᠭᠤᠭᠠᠷᠠᠭᠤᠯᠤᠨ᠂ ᠡᠯ᠎ᠡ ᠲᠥᠷᠥᠯ ᠤᠨ ᠮᠤᠳᠤ ᠶᠢ 31.2 ᠲᠦᠮᠡᠨ ᠰᠠᠭᠤᠷᠢ  ᠳᠠᠷᠢᠵᠤ᠂ 2700 ᠮᠦ ᠮᠣᠳᠣ ᠳᠠᠷᠢᠬᠤ ᠪᠠᠷ ᠲᠥᠯᠥᠪᠯᠡᠵᠦ ᠪᠣᠶ ᠭᠡᠵᠤ ᠪᠠᠶᠢᠯ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ