︽ᠬᠠᠭᠤᠷᠮᠠᠭ ᠵᠠᠭᠤᠴᠢᠯᠠᠭᠤᠷ︾ ᠰᠢᠢᠳᠬᠡᠭᠳᠡᠪᠡ᠂ 13 ᠬᠥᠮᠥᠨ ᠢ ᠡᠷᠡᠭᠦᠦ ᠪᠠᠷ ᠰᠢᠢᠳᠬᠡᠵᠡᠢ
ᠨᠡᠶᠢᠲᠡᠯᠡᠭᠰᠡᠨ ᠴᠠᠭ᠄
2024/4/29
      ᠥᠪᠥᠷ ᠮᠣᠩᠭᠤᠯ ᠤᠨ ᠠᠩᠬᠠᠳᠠᠭᠴᠢ ᠰᠦᠯᠵᠢᠶᠡᠨ ᠳᠤ ᠬᠤᠯᠪᠣᠭᠳᠠᠭᠰᠠᠨ ᠬᠠᠷᠭᠢᠰ ᠬᠦᠴᠦᠨ ᠤ ᠶᠠᠯᠠᠲᠤ ᠬᠡᠷᠡᠭ ᠤᠨ ᠲᠠᠰᠤᠯᠤᠯᠲᠠ ᠶᠢ ᠵᠡᠭᠦᠨᠭᠠᠷ ᠬᠤᠰᠢᠭᠤᠨ ᠳᠤ ᠵᠠᠷᠯᠠᠪᠠ       4 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠣᠶᠢᠷ᠎ᠠ ᠶᠢᠨ ᠬᠤᠭᠤᠴᠠᠭᠠᠨ ᠳᠤ ᠰᠢᠭᠦᠭᠰᠡᠨ ᠰᠦᠯᠵᠢᠶᠡᠨ ᠳᠤ ᠬᠤᠯᠪᠣᠭᠳᠠᠭᠰᠠᠨ ᠨᠢᠭᠡ  ᠤᠳᠠᠭᠠᠨ ᠤ  ᠬᠠᠷᠭᠢᠰ ᠬᠦᠴᠦᠨ ᠤ ᠬᠡᠷᠡᠭ ᠤᠨ ᠲᠠᠰᠤᠯᠤᠯᠲᠠ ᠶᠢ ᠢᠯᠡ ᠪᠠᠷ ᠵᠠᠷᠯᠠᠵᠤ᠂  13  ᠵᠠᠭᠠᠯᠳᠤᠭᠳᠠᠭᠴᠢ ᠶᠢ  ᠬᠢᠬᠠᠭᠰᠠᠨ  ᠶᠠᠯ᠎ᠠ᠂  ᠠᠯᠪᠠᠲᠠᠨ ᠠᠷᠠᠯᠵᠢᠶᠠᠯᠠᠭᠰᠠᠨ ᠶᠠᠯ᠎ᠠ᠂ ᠬᠠᠤᠯᠢ ᠪᠤᠰᠤ ᠪᠠᠷ ᠡᠵᠡᠩᠨᠡᠭᠰᠡᠨ ᠶᠠᠯ᠎ᠠ᠂ ᠭᠡᠷᠡᠴᠢᠯᠡᠬᠦ ᠶᠢ ᠬᠠᠷᠰᠢᠯᠠᠭᠰᠠᠨ  ᠶᠠᠯ᠎ᠠ  ᠬᠢᠭᠰᠡᠨ ᠢᠶᠠᠷ  ᠲᠣᠰ ᠲᠣᠰ 10 ᠵᠢᠯ ᠤᠨ 6 ᠰᠠᠷ᠎ᠠ ᠠᠴᠠ 11 ᠰᠠᠷ᠎ᠠ ᠶᠢᠨ  ᠬᠤᠭᠤᠴᠠᠭ᠎ᠠ ᠲᠠᠢ  ᠬᠤᠷᠢᠬᠤ ᠪᠠᠷ  ᠬᠠᠤᠯᠢ  ᠶᠣᠰᠣᠭᠠᠷ  ᠰᠢᠢᠳᠬᠡᠵᠦ᠂ ᠠᠷᠠᠳ ᠤᠨ ᠵᠣᠭᠤᠰ ᠢᠶᠠᠷ 24.19 ᠲᠦᠮᠡᠨ ᠲᠥᠭᠦᠷᠢᠭ ᠠᠴᠠ 2 ᠮᠢᠩᠭᠠᠨ  ᠲᠥᠭᠦᠷᠢᠭ ᠢᠶᠠᠷ  ᠲᠣᠷᠭᠠᠬᠤ ᠪᠠᠷ  ᠨᠡᠶᠢᠯᠡᠭᠦᠯᠦᠨ ᠰᠢᠢᠳᠬᠡᠪᠡ᠃ ᠵᠠᠭᠠᠯᠳᠤᠭᠳᠠᠭᠴᠢ ᠰᠥᠩ ᠣᠪᠣᠭᠲᠤ ᠵᠡᠷᠭᠡ ᠬᠥᠮᠥᠰ ᠲᠤᠬᠠᠢ ᠶᠢᠨ ᠲᠢᠩᠬᠢᠮ ᠳᠤ ᠶᠠᠯ᠎ᠠ ᠪᠠᠨ ᠮᠡᠳᠡᠷᠡᠵᠦ  ᠰᠢᠢᠳᠬᠡᠯ ᠢ ᠬᠦᠯᠢᠶᠡᠵᠦ᠂ ᠳᠡᠭᠡᠭᠰᠢ ᠵᠠᠭᠠᠯᠳᠤᠬᠤ ᠦᠭᠡᠢ ᠭᠡᠵᠦ ᠢᠯᠡᠷᠬᠡᠶᠢᠯᠡᠵᠡᠢ᠃               ᠲᠣᠰ ᠡᠪᠰᠡᠯ  ᠪᠦᠯᠦᠭ ᠤᠨ  ᠪᠦᠷᠢᠯᠳᠦᠭᠦᠨ  ᠨᠢ  ᠰᠣᠨᠢᠨ  ᠮᠡᠳᠡᠭᠡᠨ ᠤ  ᠠᠵᠢᠯᠲᠠᠨ ᠢᠶᠠᠷ  ᠣᠪᠯᠠᠨ᠂  ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠦᠨᠡᠨ ᠪᠣᠳᠠᠲᠠᠢ ᠪᠤᠰᠤ ᠮᠡᠳᠡᠭᠡ ᠵᠠᠩᠭᠢ ᠶᠢ ᠲᠤᠭᠤᠷᠪᠢᠭᠰᠠᠨ  ᠪᠥᠭᠡᠳ ᠲᠡᠭᠦᠨ ᠤ ᠳᠠᠩᠰᠠᠯᠠᠭᠤᠯᠤᠭᠰᠠᠨ 30 ᠭᠠᠷᠤᠢ ᠰᠦᠯᠵᠢᠶᠡᠨ ᠳᠡᠭᠡᠷᠡᠬᠢ ᠵᠠᠭᠤᠴᠢᠯᠠᠭᠤᠷ ᠤᠨ ᠲᠠᠩᠰᠠᠨ  ᠨᠣᠮᠧᠷ ᠢᠶᠠᠷ  ᠨᠡᠶᠢᠲᠡᠯᠡᠵᠦ᠂ ᠳᠠᠬᠢᠨ ᠬᠠᠷᠢᠯᠴᠠᠨ ᠳᠠᠮᠵᠢᠭᠤᠯᠤᠨ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠥᠯᠥᠭᠡ ᠪᠠᠨ ᠥᠷᠭᠡᠳᠬᠡᠵᠦ᠂  ᠠᠵᠤ ᠠᠬᠤᠶᠢᠯᠠᠯ ᠢ ᠠᠯᠪᠠᠳᠠᠵᠤ ᠪᠠᠶᠢᠭᠠᠳ ︽ᠵᠣᠭᠤᠰ ᠵᠠᠷᠤᠴᠠᠭᠤᠯᠤᠨ ᠪᠢᠴᠢᠭᠡᠰᠦ ᠬᠠᠰᠤᠭᠤᠯᠵᠤ︾ ᠪᠠᠶᠢᠵᠠᠢ᠃ ᠵᠡᠭᠦᠨᠭᠠᠷ ᠬᠤᠰᠢᠭᠤᠨ ᠤ ᠳᠣᠲᠣᠭᠠᠳᠤ ᠶᠢ  ᠬᠠᠮᠠᠭᠠᠯᠠᠬᠤ  ᠲᠣᠪᠴᠢᠶ᠎ᠠ ᠶᠢᠨ  ᠲᠤᠰᠬᠠᠢ  ᠬᠡᠷᠡᠭ ᠤᠨ   ᠳᠤᠭᠤᠶᠢᠯᠠᠩ ᠤᠨ   ᠠᠷᠠᠳ ᠤᠨ   ᠴᠠᠭᠳᠠᠭ᠎ᠠ ᠶᠢᠨ ᠲᠠᠨᠢᠯᠴᠠᠭᠤᠯᠤᠭᠰᠠᠨ ᠢᠶᠠᠷ᠂ ᠲᠣᠰ ᠡᠪᠰᠡᠯ ᠪᠦᠯᠦᠭ ᠤᠨ ᠶᠠᠯᠠᠲᠤ  ᠠᠵᠢᠯᠯᠠᠭ᠎ᠠ ᠳᠤ  ᠬᠢᠬᠠᠵᠤ  ᠠᠪᠤᠭᠰᠠᠨ᠂  ᠬᠠᠤᠯᠢ  ᠪᠤᠰᠤ ᠪᠠᠷ ᠡᠵᠡᠩᠨᠡᠭᠰᠡᠨ᠂ ᠰᠦᠯᠵᠢᠶᠡᠨ ᠳᠤ ᠬᠤᠯᠪᠣᠭᠳᠠᠭᠰᠠᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠪᠠᠭᠲᠠᠨ᠎ᠠ᠃ ᠣᠶᠢᠯᠠᠭᠠᠭᠰᠠᠨ ᠢᠶᠠᠷ᠂ ᠤᠷᠢᠳ ᠬᠤᠵᠢᠳ 30 ᠭᠠᠷᠤᠢ ᠦᠢᠯᠡᠳᠪᠦᠷᠢ ᠠᠭᠤᠷᠬᠠᠢ  ᠠᠵᠤ  ᠠᠬᠤᠶᠢᠯᠠᠯ  ᠲᠣᠰ  ᠶᠠᠯᠠᠲᠤ  ᠪᠦᠯᠦᠭ ᠲᠤ  ᠬᠢᠬᠠᠭᠳᠠᠵᠤ᠂ ᠠᠯᠪᠠᠳᠠᠯᠭ᠎ᠠ ᠪᠠᠷ ᠠᠷᠠᠯᠵᠢᠶᠠᠯᠠᠭᠠᠳ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 1200 ᠲᠦᠮᠡᠨ ᠲᠥᠭᠦᠷᠢᠭ ᠲᠤ ᠬᠦᠷᠴᠡᠢ᠃ ᠣᠳᠣᠬᠠᠨ ᠳᠤ᠂ ᠬᠤᠯᠪᠣᠭᠳᠠᠯ  ᠪᠦᠬᠦᠢ  ᠬᠠᠤᠯᠢ ᠶᠢ  ᠵᠥᠷᠢᠴᠡᠭᠰᠡᠨ  ᠬᠤᠪᠢ ᠶᠢᠨ  ᠵᠠᠭᠤᠴᠢᠯᠠᠭᠤᠷ ᠤᠨ  ᠲᠠᠩᠰᠠᠨ ᠨᠣᠮᠧᠷ ᠢ ᠨᠢᠭᠡᠨᠲᠡ ᠬᠠᠤᠯᠢ ᠶᠣᠰᠣᠭᠠᠷ ᠪᠢᠲᠡᠭᠦᠮᠵᠢᠯᠡᠪᠡ᠃               ᠲᠤᠰᠬᠠᠢ  ᠬᠡᠷᠡᠭ ᠤᠨ  ᠳᠤᠭᠤᠶᠢᠯᠠᠩ ᠤᠨ  ᠳᠠᠷᠤᠭ᠎ᠠ᠂  ᠵᠡᠭᠦᠨᠭᠠᠷ  ᠬᠤᠰᠢᠭᠤᠨ ᠤ   ᠳᠣᠲᠣᠭᠠᠳᠤ ᠶᠢ   ᠬᠠᠮᠠᠭᠠᠯᠠᠬᠤ ᠲᠣᠪᠴᠢᠶᠠᠨ ᠤ  ᠨᠠᠮ ᠤᠨ  ᠬᠤᠷᠢᠶᠠᠨ ᠤ  ᠳᠡᠳ᠋  ᠱᠦᠵᠢ᠂  ᠤᠯᠤᠰ  ᠲᠥᠷᠥ ᠶᠢᠨ   ᠭᠡᠰᠢᠭᠦᠨ   ᠸᠠᠩ   ᠹᠦ᠋   ᠯᠦᠩ ᠤᠨ ᠲᠠᠨᠢᠯᠴᠠᠭᠤᠯᠤᠭᠰᠠᠨ ᠢᠶᠠᠷ᠂ ᠡᠨᠡ  ᠪᠣᠯ  ᠥᠪᠥᠷ  ᠮᠣᠩᠭᠤᠯ ᠤᠨ  ᠠᠩᠬᠠᠳᠠᠭᠴᠢ  ᠰᠦᠯᠵᠢᠶᠡᠨ ᠳᠤ  ᠬᠤᠯᠪᠣᠭᠳᠠᠭᠰᠠᠨ  ᠬᠠᠷᠭᠢᠰ ᠬᠦᠴᠦᠨ ᠤ ᠶᠠᠯᠠᠲᠤ ᠬᠡᠷᠡᠭ ᠮᠥᠨ᠂ ᠪᠠᠰᠠ ᠴᠤ ᠥᠪᠥᠷ ᠮᠣᠩᠭᠤᠯ ᠤᠨ ᠬᠠᠷ᠎ᠠ ᠪᠦᠯᠦᠭᠲᠡᠨ  ᠬᠠᠷᠭᠢᠰ  ᠬᠦᠴᠦᠨ ᠢ  ᠠᠷᠢᠯᠭᠠᠬᠤ ᠪᠠᠶᠢᠩᠭᠤ ᠶᠢᠨ ᠲᠡᠮᠡᠴᠡᠯ ᠠᠴᠠ ᠨᠠᠰᠢᠬᠢ ᠨᠡᠶᠢᠲᠡᠯᠢᠭ ᠬᠡᠷᠡᠭ ᠮᠥᠨ᠃ ᠬᠡᠷᠡᠭ ᠢ ᠲᠠᠩᠨᠠᠨ ᠢᠯᠡᠷᠡᠭᠦᠯᠬᠦ ᠬᠤᠭᠤᠴᠠᠭᠠᠨ ᠳᠤ᠂ ᠲᠤᠰᠬᠠᠢ ᠬᠡᠷᠡᠭ ᠤᠨ ᠳᠤᠭᠤᠶᠢᠯᠠᠩ ᠤᠨ ᠠᠷᠠᠳ ᠤᠨ ᠴᠠᠭᠳᠠᠭ᠎ᠠ ᠱᠠᠨᠰᠢ᠂ ᠭᠠᠨᠰᠤ᠂ ᠱᠠᠨ  ᠰᠢ᠂  ᠾᠧᠪᠧᠢ᠂  ᠾᠧᠨᠠᠨ  ᠵᠢᠴᠢ  ᠥᠪᠥᠷ ᠮᠣᠩᠭᠤᠯ ᠵᠡᠷᠭᠡ 6 ᠮᠤᠵᠢ ᠣᠷᠣᠨ ᠤ 25 ᠬᠤᠲᠠ ᠰᠢᠶᠠᠨ ᠢᠶᠠᠷ ᠬᠦᠷᠴᠦ ᠪᠠᠶᠢᠴᠠᠭᠠᠨ ᠭᠡᠷᠡᠴᠢ ᠠᠪᠴᠤ᠂ 10 ᠭᠠᠷᠤᠢ ᠲᠦᠮᠡᠨ ᠺᠢᠯᠣᠮᠧᠲᠷ ᠠᠶᠠᠯᠠᠭᠰᠠᠨ ᠪᠥᠭᠡᠳ ᠰᠥᠩ ᠣᠪᠣᠭᠲᠤ ᠪᠠᠷ ᠲᠣᠯᠣᠭᠠᠶᠢᠯᠠᠭᠤᠯᠤᠭᠰᠠᠨ ᠬᠠᠷᠭᠢᠰ ᠬᠦᠴᠦᠨ ᠤ  ᠶᠠᠯᠠᠲᠤ  ᠪᠦᠯᠦᠭ ᠤᠨ16 ᠪᠦᠷᠢᠯᠳᠦᠭᠦᠨ ᠢ ᠠᠮᠵᠢᠯᠲᠠᠲᠠᠢ ᠪᠠᠷᠢᠪᠴᠢᠯᠠᠵᠤ᠂ 26 ᠡᠷᠡᠭᠦᠦ ᠶᠢᠨ ᠬᠡᠷᠡᠭ ᠢ ᠢᠯᠡᠷᠡᠭᠦᠯᠵᠦ᠂ ᠬᠤᠬᠢᠷᠠᠯ ᠠᠮᠰᠠᠭᠰᠠᠨ  ᠠᠵᠤ ᠠᠬᠤᠶᠢᠯᠠᠯ ᠢ 910 ᠲᠦᠮᠡᠨ ᠲᠥᠭᠦᠷᠢᠭ ᠤᠨ ᠬᠤᠬᠢᠷᠠᠯ ᠠᠴᠠ ᠵᠠᠶᠢᠯᠠᠭᠤᠯᠤᠭᠰᠠᠨ ᠪᠠᠶᠢᠨ᠎ᠠ ᠭᠡᠪᠡ᠃
ᠢᠷᠡᠯᠲᠡ᠄ ᠠᠷᠠᠳ ᠤᠨ ᠰᠦᠯᠵᠢᠶ᠎ᠡ