ᠸᠠᠩ ᡁᠢ ᠫᠢᠩ ᠲᠥᠪ ᠤᠨ ᠷᠠᠳᠢᠣ᠋ ᠰᠦᠯᠵᠢᠶ᠎ᠡ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠪᠡ᠄ ︽ᠲᠡᠭᠷᠢ ᠶᠢᠨ ᠬᠡᠰᠢᠭᠲᠦ ᠪᠣᠷᠣᠲᠣᠬᠤᠢ︾ ᠣᠳᠣᠬᠢᠴᠢᠯᠠᠭᠰᠠᠨ ᠲᠣᠮᠣ ᠲᠠᠷᠢᠶᠠᠯᠠᠩ ᠤᠨ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/5/17
      ᠨᠠᠶᠢᠷᠠᠭᠤᠯᠤᠭᠴᠢ᠄ 2023 ᠣᠨ ᠤ 10 ᠰᠠᠷ᠎ᠠ ᠶᠢᠨ 5 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠲᠠᠷᠬᠠᠭᠠᠵᠤ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠲᠦᠷᠭᠡᠳᠬᠡᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠡᠮᠵᠢᠪᠡ᠃ 2024 ᠣᠨ ᠤ ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠲᠥᠪ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠰᠤᠪᠠᠭ ︽ᠴᠢᠨᠠᠷ ᠰᠠᠶᠢᠲᠠᠶ ᠬᠥᠭᠵᠢᠯᠲᠡ ᠪᠠᠷ ᠥᠪᠥᠷ ᠮᠣᠩᠭᠤᠯ ᠢᠶᠠᠨ ᠦᠵᠡᠬᠦ︾ ᠰᠢᠷᠢᠰ ᠮᠡᠳᠡᠭᠡᠯᠡᠯ ᠢ ᠣᠨᠴᠠᠭᠠᠶᠢᠯᠠᠨ ᠨᠡᠶᠢᠲᠡᠯᠡᠵᠦ᠂ ᠠᠷᠪᠠᠨ ᠬᠤᠶᠠᠷ ᠠᠶᠢᠮᠠᠭ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠥᠳᠡᠯᠦᠯ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠬᠢᠨ ᠪᠣᠳᠠᠲᠠᠶ ᠳᠤ ᠰᠠᠭᠤᠷᠢᠯᠠᠨ ᠴᠢᠨᠠᠷ ᠰᠠᠶᠢᠲᠠᠶ ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ᠃      ᠲᠥᠪ ᠤᠨ ᠷᠠᠳᠢᠣ᠋ ᠰᠦᠯᠵᠢᠶᠡᠨ ᠤ ᠬᠥᠬᠡᠬᠤᠲᠠ ᠶᠢᠨ 2 ᠰᠠᠷ᠎ᠠ ᠶᠢᠨ 2 ᠤ ᠡᠳᠦᠷ ᠤᠨ ᠮᠡᠳᠡᠭᠡ ᠥᠩᠭᠡᠷᠡᠭᠰᠡᠨ ᠨᠢᠭᠡ ᠵᠢᠯ ᠪᠠᠶᠠᠨᠨᠠᠭᠤᠷ ᠬᠤᠲᠠ ᠶᠡᠷᠦ ᠪᠤᠰᠤ ᠶᠢᠨ ᠨᠢᠭᠡ ᠵᠢᠯ ᠠᠶᠠᠯ ᠠᠪᠠ᠃ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠳᠠ ᠳᠤ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠪᠥᠭᠡᠳ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ ︾  ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠢᠴᠢᠯᠠᠭᠰᠠᠨ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠰᠡᠬᠦᠵᠦ᠂ ᠳᠡᠯᠡᠬᠡᠢ ᠳ᠋ᠠᠬᠢᠨ ᠤ ᠬᠠᠷᠠᠴᠠ ᠶᠢ ᠡᠬᠡ ᠤᠯᠤᠰ ᠤᠨ ᠤᠮᠠᠷᠠᠲᠤ ᠶᠢᠨ  ᠪᠣᠷᠣᠲᠣᠬᠤᠢ ᠶᠢᠨ ᠡᠬᠡ ᠭᠠᠵᠠᠷ ᠲᠤ ᠲᠥᠪᠯᠡᠷᠡᠭᠦᠯᠵᠡᠢ᠃      ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ᠠᠮᠢ ᠠᠬᠤᠢ ᠰᠠᠶᠢᠵᠢᠷᠠᠵᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠨᠡᠩ ᠪᠠᠲᠤᠯᠠᠭ᠎ᠠ ᠲᠠᠢ ᠪᠣᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 1 ᠰᠠᠷ᠎ᠠ ᠶᠢᠨ 30 ᠤ ᠡᠳᠦᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠤ ᠪᠠᠨ᠂ ᠲᠠᠷᠢᠶᠠᠯᠠᠩ ᠮᠠᠯ ᠠᠵᠤ ᠠᠬᠤᠶ ᠣᠳᠣᠬᠢᠴᠢᠯᠠᠭᠰᠠᠨ ᠲᠣᠮᠣ ᠠᠵᠤ ᠦᠢᠯᠡᠰ ᠢ ᠴᠣᠭᠴᠠᠯᠠᠬᠤ᠂ ᠠᠵᠤ ᠦᠢᠯᠡᠰ ᠢᠶᠠᠷ ᠣᠷᠣᠨ ᠢᠶᠠᠨ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠵᠤ ᠬᠦᠴᠦᠯᠡᠬᠦ ᠬᠡᠷᠡᠭᠲᠡᠶ᠃ ᠲᠤᠮᠤ ᠲᠠᠷᠢᠶᠠᠯᠠᠩ ᠤᠨ ᠦᠵᠡᠯᠲᠡ ᠶᠢ ᠪᠠᠲᠤ ᠪᠤᠢ ᠪᠣᠯᠭᠠᠵᠤ᠂ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠳᠡᠮᠳᠡᠭᠵᠢᠬᠦᠯᠬᠦ ᠳᠡᠭᠡᠷ᠎ᠡ ᠬᠦᠴᠦ ᠲᠠᠯᠪᠢᠵᠤ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ᠂ ᠤᠯᠤᠰ ᠤᠨ ᠬᠤᠵᠢᠷᠯᠢᠭ ᠭᠠᠵᠠᠷ ᠢ ᠥᠭᠡᠷᠡᠴᠢᠯᠡᠨ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠥᠪᠥᠷ ᠮᠣᠩᠭᠤᠯ ᠤᠨ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠠᠶᠠᠯᠠᠯ ᠤᠨ ᠣᠩᠭᠤᠴᠠ ᠶᠢᠨ ᠳᠠᠷᠪᠠᠭᠤᠯ ᠨᠢᠭᠡᠨᠲᠡ ᠳᠡᠭᠡᠭᠰᠢᠯᠡᠵᠦ᠂ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠠᠶᠠᠨᠨᠠᠭᠤᠷ ᠪᠠᠰᠠ ᠪᠣᠳᠠᠲᠠᠢ ᠳᠤ ᠰᠠᠭᠤᠷᠢᠯᠠᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠬᠡᠷᠬᠢᠨ ᠪᠢᠴᠢᠭᠯᠡᠬᠦ ᠪᠤᠢ︖      ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ 1 ᠰᠠᠷ᠎ᠠ ᠶᠢᠨ 16 ᠤ ᠡᠳᠦᠷ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠲᠤᠭ᠎ᠠ ᠪᠠᠷᠢᠮᠲᠠ ᠨᠢ ᠬᠥᠮᠦᠰ ᠢ ᠵᠣᠷᠢᠭᠵᠢᠭᠤᠯᠪᠠ᠄ 2023 ᠣᠨ ᠳᠤ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 7% ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 11.4% ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 24% ᠣᠷᠴᠢᠮ ᠨᠡᠮᠡᠭᠳᠡᠪᠡ︔ ᠪᠦᠬᠦ᠋ᠢᠯᠡ ᠤᠰᠤᠯᠠᠯᠲᠠ ᠶᠢᠨ ᠣᠷᠣᠨ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠯᠤᠰ ᠤᠨ ᠲᠤᠷᠰᠢᠯᠲᠠ ᠶᠢᠨ ᠴᠡᠭ ᠵᠥᠪᠰᠢᠶᠡᠷᠡᠭᠳᠡᠵᠦ᠂ ᠵᠢᠯ ᠤᠨ ᠳᠣᠲᠣᠷ᠎ᠠ 93 ᠲᠦᠮᠡᠨ ᠮᠦ ᠪᠦᠲᠦᠭᠡᠨ ᠪᠠᠶᠢᠭᠤᠯᠪᠠ︔ ᠪᠤᠭᠤᠳᠠᠢ᠂ ᠨᠡᠷᠡᠨ ᠬᠤᠸᠠᠷ ᠤᠨ ᠨᠢᠭᠡᠴᠢ ᠭᠠᠷᠤᠯᠲᠠ ᠪᠥᠬᠦ ᠣᠷᠣᠨ ᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︔ ᠤᠯᠠᠭᠠᠨᠰᠤᠬᠠᠢ ᠲᠠᠷᠢᠶᠠᠯᠠᠩ ᠤᠨ ᠤᠰᠤ ᠠᠷᠪᠢᠯᠠᠬᠤ ᠬᠡᠯᠪᠡᠷᠢ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ ᠣᠷᠣᠨ ᠢᠶᠠᠷ ᠰᠣᠩᠭᠤᠭᠳᠠᠪᠠ᠃      ︽2024 ᠣᠨ ᠳᠤ᠂ ᠪᠢᠳᠡ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠶᠠᠨ ᠬᠠᠳᠠᠨ ᠴᠢᠨᠠᠷᠲᠠᠢ᠂ ᠲᠡᠷᠢᠭᠦᠨ ᠤ ᠨᠠᠶᠢᠳᠠᠪᠤᠷᠢᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠤᠶ᠎ᠠ︾ ᠭᠡᠵᠦ ᠬᠡᠯᠡᠪᠡ᠃      2024 ᠣᠨ ᠤ ᠥᠪᠥᠷ ᠮᠣᠩᠭᠤᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠲᠥᠪ ᠤᠨ ᠷᠠᠳᠢᠣ᠋ ᠰᠦᠯᠵᠢᠶ᠎ᠡ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠪᠠᠶᠠᠨᠨᠠᠭᠤᠷ ᠬᠤᠲᠠ ᠨᠢ ᠤᠯᠤᠰ ᠤᠨ ᠴᠢᠬᠤᠯᠠ ︽ᠠᠮᠤ ᠪᠤᠳᠠᠭᠠᠨ ᠤ ᠬᠥᠮᠥᠷᠭᠡ︾ ᠪᠣᠯᠤᠭᠰᠠᠨ ᠤ ᠬᠤᠪᠢ ᠳᠤ᠂ ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢᠶᠠᠷ ᠭᠠᠷᠳᠠᠴᠠ ᠪᠣᠯᠭᠠᠨ᠂ ᠤᠯᠤᠰ ᠤᠨ ᠲᠠᠷᠢᠶᠠᠯᠠᠩ ᠤᠨ ᠥᠨᠳᠥᠷ ᠪᠦᠲᠦᠮᠵᠢᠲᠡᠶ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃      ︽ᠬᠠᠲᠤᠨ ᠭᠤᠣᠯ ᠤᠨ ᠪᠠᠶᠠᠨ ᠪᠣᠷᠣᠲᠣᠬᠤᠢ  ᠶᠢᠨ ᠣᠷᠣᠨ ᠢ ᠪᠠᠶᠠᠵᠢᠭᠤᠯᠪᠠ︾ ᠪᠣᠷᠣᠲᠣᠬᠤᠶ ᠶᠢᠨ ᠭᠠᠵᠠᠷ ᠣᠷᠣᠨ ᠨᠢ ᠭᠠᠵᠠᠷ ᠤᠨ ᠪᠠᠶᠢᠴᠠ ᠲᠡᠭᠰᠢ ᠮᠥᠷᠲᠡᠭᠡᠨ ᠠᠶᠠᠨᠳᠠᠭᠠᠨ ᠬᠠᠲᠤᠨ ᠭᠤᠤᠯ ᠤᠨ ᠤᠰᠤᠯᠠᠯᠲᠠ ᠶᠢᠨ ᠠᠰᠢᠭᠯᠠᠮᠵᠢ ᠲᠠᠢ ᠪᠠᠶᠢᠵᠤ᠂ ᠣᠯᠠᠨ ᠦᠶ᠎ᠡ ᠳᠤ ᠴᠥᠮ ᠤᠰᠤ ᠪᠡᠯᠴᠢᠭᠡᠷ ᠢᠶᠠᠷ ᠢᠶᠠᠨ ᠡᠯᠪᠡᠭ᠂ ᠡᠳ᠋ ᠭᠠᠷᠤᠯᠲᠠ ᠡᠯᠪᠡᠭ ᠪᠠᠶᠢᠳᠠᠭ᠃ ᠡᠨᠡ ᠨᠤᠲᠤᠭ ᠳᠡᠪᠢᠰᠬᠡᠷ ᠪᠣᠯ ᠳᠠᠷᠤᠢ ᠮᠤᠨᠢ ᠠᠭᠤᠯᠠ ᠨᠢᠷᠤᠭᠤ ᠪᠠ ᠬᠥᠪᠴᠢ ᠶᠢᠨ ᠡᠯᠡᠰᠦᠨ ᠤ ᠬᠤᠭᠤᠷᠣᠨᠳᠣᠬᠢ ᠪᠠᠶᠠᠨᠨᠠᠭᠤᠷ ᠤᠨ ᠲᠠᠯ᠎ᠠ ᠭᠠᠵᠠᠷ ᠪᠣᠯᠤᠨ᠎ᠠ᠃      ᠣᠶᠢᠷ᠎ᠠ ᠶᠢᠨ ᠵᠢᠯ ᠤᠳ ᠲᠤ᠂ ᠬᠠᠲᠤᠨ ᠭᠤᠤᠯ ᠤᠨ ᠰᠠᠪᠠ ᠭᠠᠵᠠᠷ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠪᠠᠶᠢᠷᠢᠯᠠᠵᠤ ᠪᠠᠶᠢᠭ᠎ᠠ ᠪᠠᠶᠠᠨᠨᠠᠭᠤᠷ ᠬᠤᠲᠠ ᠳᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠢᠨᠵᠧᠨᠧᠷᠢᠩ ᠢ ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ︽ᠤᠷᠢᠳ ᠢᠶᠠᠷ ᠬᠢᠬᠦ ᠫᠠᠶᠢᠰᠠ︾ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠪᠠ ᠃ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠣᠷᠣᠨ ᠪᠦᠰᠡ ᠶᠢᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢ ᠳᠠᠭᠠᠯᠳᠤᠨ᠂ ᠪᠠᠶᠠᠨᠨᠠᠭᠤᠷ ᠬᠥᠮᠦᠰ ︽ᠠᠮᠲᠠᠲᠤ ᠢᠳᠡᠭᠡᠨ︾ ᠢ ᠠᠮᠲᠠᠯᠠᠵᠤ ᠡᠬᠢᠯᠡᠪᠡ᠃ 2023 ᠣᠨ ᠳᠤ᠂ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠲᠤ ᠨᠡᠶᠢᠲᠡ 22 ᠠᠵᠤ ᠠᠬᠤᠶᠢᠯᠠᠯ᠂ 132 ᠵᠦᠢᠯ ᠤᠨ ᠦᠢᠯᠡᠳᠬᠦᠨ ᠳᠤ ᠡᠷᠬᠡ ᠣᠯᠭᠤᠪᠠ᠃      ᠣᠳᠣᠬᠠᠨ ᠳᠤ᠂ ᠪᠣᠷᠣᠲᠣᠬᠤᠶ ᠶᠢᠨ ᠪᠤᠭᠤᠳᠠᠶ ᠨᠢᠭᠡᠨᠲᠡ ᠪᠥᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠴᠢᠨᠠᠷ ᠰᠠᠶᠢᠲᠠᠶ ᠪᠣᠭᠤᠳᠠᠶ ᠶᠢᠨ ᠲᠥᠯᠥᠭᠡᠨ ᠤ ᠨᠡᠷ᠎ᠡ ᠦᠭᠡ ᠪᠣᠯᠵᠣ᠂ ᠪᠣᠷᠣᠲᠣᠬᠤᠶ ᠶᠢᠨ ᠴᠢᠨᠠᠷ ᠰᠠᠶᠢᠲᠠᠶ ᠪᠣᠭᠤᠳᠠᠶ ᠶᠢᠨ ᠦᠢᠯᠡᠳᠪᠦᠷᠢᠯᠡᠭᠰᠡᠨ ᠡᠯ᠎ᠡ ᠲᠥᠷᠥᠯ ᠤᠨ ᠭᠤᠯᠢᠷ ᠤᠨ ᠪᠦᠲᠦᠭᠡᠭᠳᠡᠬᠦᠨ ᠢᠶᠠᠷ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠲᠤ ᠪᠣᠷᠣᠯᠠᠭᠤᠯᠵᠤ᠂ ᠬᠥᠮᠦᠰ ᠤᠨ ᠲᠠᠭᠠᠰᠢᠶᠠᠯ ᠢ ᠣᠯᠵᠤ ᠪᠠᠶᠢᠨ᠎ᠠ᠃ ᠶᠠᠰᠤ ᠴᠢᠨᠠᠷ ᠰᠢᠯᠢᠳᠡᠭ ᠰᠠᠶᠢᠨ᠂ ᠲᠠᠷᠢᠮᠠᠯ ᠤᠨ ᠬᠡᠪᠴᠢᠶ᠎ᠡ ᠶᠡᠭᠡ ᠪᠣᠯᠬᠤᠷ ᠪᠠᠶᠠᠨᠨᠠᠭᠤᠷ ᠨᠢ ᠤᠯᠤᠰ ᠤᠨ ᠴᠢᠬᠤᠯᠠ ᠲᠠᠸᠠᠷ ᠤᠨ ᠠᠮᠤ ᠪᠤᠳᠠᠭᠠᠨ ᠤ ᠰᠠᠭᠤᠷᠢᠨ ᠭᠠᠵᠠᠷ ᠪᠣᠯᠤᠭᠰᠠᠨ ᠪᠥᠭᠡᠳ ᠪᠦᠬᠦ ᠤᠯᠤᠰ ᠤᠨ ᠴᠣᠷ ᠤᠨ ᠭᠠᠭᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠦᠲᠦᠭᠡᠨ ᠪᠠᠶᠢᠭᠤᠯᠤᠭᠰᠠᠨ ᠬᠡᠪᠴᠢᠶᠡᠵᠢᠭᠰᠡᠨ ᠴᠢᠨᠠᠷ ᠰᠠᠶᠢᠲᠠᠶ ᠬᠠᠪᠤᠷ ᠤᠨ ᠪᠤᠭᠤᠳᠠᠶ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠪᠠᠶᠢᠨ᠎ᠠ᠃      ᠸᠠᠩ ᡁᠢ ᠫᠢᠩ ᠢᠯᠡᠷᠬᠡᠶᠢᠯᠡᠬᠦ ᠳᠡᠭᠡᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ᠂ ᠵᠠᠬ᠎ᠠ ᠳᠡᠯᠭᠡᠭᠦᠷ ᠤᠨ ᠬᠥᠲᠥᠯᠦᠨ ᠳᠠᠭᠠᠭᠤᠯᠬᠤ ᠬᠦᠴᠦᠨ ᠪᠠ ᠡᠮᠬᠢᠯᠡᠨ ᠨᠡᠶᠢᠯᠡᠭᠦᠯᠬᠦ ᠳᠠᠶᠢᠴᠢᠯᠠᠬᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠤᠨ ᠬᠤᠳᠠᠯᠳᠤᠭᠠᠨ ᠤ ᠬᠡᠲᠦ ᠳᠡᠯᠭᠡᠭᠦᠷ᠂ ᠪᠥᠬᠦ ᠤᠯᠤᠰ ᠲᠤ ᠪᠣᠷᠣᠯᠠᠭᠤᠯᠭ᠎ᠠ ᠰᠠᠶᠢᠲᠠᠶ ᠪᠣᠯᠭᠠᠨ᠎ᠠ ᠭᠡᠵᠡᠶ᠃ 2024 ᠤᠨ ᠪᠣᠯᠬᠤ ᠳᠤ᠂ ᠪᠠᠶᠠᠨᠨᠠᠭᠤᠷ ᠬᠤᠲᠠ ᠪᠣᠬᠢᠷᠲᠤᠯ ᠥᠬᠡᠶ ᠣᠷᠭᠠᠨᠢᠭ ᠪᠦᠲᠦᠭᠡᠭᠳᠡᠬᠦᠨ ᠢ 30 ᠠᠴᠠ ᠳᠡᠭᠡᠭᠰᠢ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 10 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠲᠡᠭᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢᠨ ᠥᠷᠲᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃      ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠠᠬᠢᠭᠤᠯᠵᠤ᠂ ᠲᠠᠷᠢᠶᠠᠯᠠᠩ ᠤᠨ ᠠᠵᠤ ᠦᠶᠢᠯᠡᠰᠵᠢᠭᠰᠡᠨ ᠤᠯᠤᠰ ᠤᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠳᠤᠷᠠᠳᠪᠠ᠃      ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠢᠷᠡᠭᠡᠳᠦᠶ ᠶᠢᠨ ᠬᠡᠰᠡᠭ ᠬᠤᠭᠤᠴᠠᠭᠠᠨ ᠤ ᠪᠠᠶᠠᠨᠨᠠᠭᠤᠷ ᠬᠤᠲᠠ ᠶᠢᠨ ᠴᠢᠬᠤᠯᠠ ᠠᠵᠢᠯ ᠤᠨ ᠠᠭᠤᠯᠭ᠎ᠠ ᠶᠢᠨ ᠨᠢᠭᠡ ᠪᠣᠯᠪᠠ᠃ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢ ᠪᠠᠷᠢᠮᠲᠠᠯᠠᠵᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠣᠯᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠲᠥᠪᠯᠡᠷᠡᠭᠰᠡᠨ ᠣᠷᠣᠨ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠣᠷᠣᠨ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃      ᠡᠭᠦᠨ ᠳᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠣᠲᠣ ᠦᠶ᠎ᠡ ᠶᠢᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠬᠦ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠳᠣᠭᠢᠷᠠᠭᠤᠯᠤᠨ ᠵᠦᠶ ᠵᠣᠬᠢᠰᠲᠠᠶ ᠠᠰᠢᠭᠯᠠᠬᠤ ᠶᠢ ᠠᠬᠢᠭᠤᠯᠬᠤ ᠵᠡᠷᠭᠡ ᠠᠵᠢᠯ ᠤᠨ ᠠᠭᠤᠯᠭ᠎ᠠ ᠶᠢ ᠪᠣᠳᠠᠲᠠᠶ ᠬᠤᠪᠢᠶᠠᠷᠢᠯᠠᠪᠠ᠃      ᠤᠰᠤᠨ ᠠᠴᠠ ᠪᠣᠯᠵᠤ ᠪᠠᠶᠠᠨ ᠴᠢᠨᠡᠭᠡᠯᠢᠭ᠂ ︽ᠪᠤᠭᠤᠳᠠᠢ︾ ᠠᠴᠠ ᠪᠤᠯᠵᠤ ᠠᠮᠢᠳᠤᠯᠢᠭ ᠪᠠᠶᠢᠵᠤ᠂ ᠤᠳᠬ᠎ᠠ ᠠᠭᠤᠯᠭ᠎ᠠ ᠪᠠᠷ ᠭᠦᠨ ᠪᠠᠶᠢᠵᠤ᠂ ᠬᠠᠳᠤᠨ ᠭᠤᠣᠯ ᠠᠴᠠ ᠪᠠᠶᠠᠨᠨᠠᠭᠤᠷ ᠤᠨ ᠲᠠᠯ᠎ᠠ ᠭᠠᠵᠠᠷ ᠲᠤ ᠡᠯᠪᠡᠭ ᠳᠡᠯᠪᠡᠭ ︽ᠪᠣᠷᠣᠳᠣᠬᠤᠢ ᠶᠢᠨ ᠠᠮᠤ ᠪᠤᠳᠠᠭᠠᠨ ᠤ ᠬᠥᠮᠥᠷᠭᠡ︾ ᠣᠯᠭᠤᠵᠤ᠂ ᠪᠠᠶᠠᠨᠨᠠᠭᠤᠷ ᠤᠨ ᠬᠥᠮᠦᠰ ᠴᠦ ᠠᠵᠢᠯᠴᠢ ᠬᠥᠳᠡᠯᠮᠦᠷᠢᠴᠢ ᠬᠤᠶᠠᠷ ᠭᠠᠷ ᠪᠠ ᠴᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢᠶᠠᠷ ᠥᠪᠥᠷ ᠮᠣᠩᠭᠤᠯ ᠤᠨ ᠣᠳᠣᠬᠢᠴᠢᠯᠠᠭᠰᠠᠨ ᠲᠤᠮᠤ ᠲᠠᠷᠢᠶᠠᠯᠠᠩ ᠤᠨ ᠲᠦᠪᠰᠢᠨ ᠢ ᠠᠬᠢᠭᠤᠯᠬᠤ ᠪᠣᠯᠤᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ