︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠶ᠎ᠡ — ᠰᠢᠨ᠎ᠡ ᠮᠣᠳᠣᠨ ᠤ ᠲᠥᠷᠥᠯ ᠢ ᠪᠣᠶᠢᠵᠢᠭᠤᠯᠤᠨ ᠣᠶᠢᠵᠢᠭᠤᠯᠵᠤ ᠡᠯᠡᠰᠦ ᠶᠢ ᠰᠡᠷᠭᠡᠶᠢᠯᠡᠵᠦ ᠣᠷᠣᠯᠭ᠎ᠠ ᠶᠢ ᠨᠡᠮᠡᠭᠳᠡᠭᠦᠯᠬᠦ ᠬᠤᠣᠰ ᠦᠷ᠎ᠡ ᠠᠰᠢᠭ ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/5/9
      ᠴᠢᠪᠠᠭ᠎ᠠ ᠶᠢᠨ ᠮᠣᠳᠣ ᠪᠣᠯ ᠰᠠᠯᠬᠢ ᠡᠯᠡᠰᠦ ᠶᠢ ᠡᠰᠡᠷᠭᠦᠴᠡᠬᠦ ᠬᠤᠰᠢᠭᠤᠴᠢ ᠮᠥᠨ᠂ ᠬᠡᠷᠬᠢᠨ ᠨᠡᠩ ᠰᠢᠯᠢᠳᠡᠭ ᠡᠭᠦᠯᠳᠡᠷ ᠢ ᠰᠣᠩᠭᠤᠨ ᠪᠣᠶᠢᠵᠢᠭᠤᠯᠵᠤ᠂ ᠲᠡᠭᠦᠨ ᠳᠤ ᠤᠯᠠᠨ ᠲᠠᠯ᠎ᠠ ᠶᠢᠨ ᠦᠷ᠎ᠡ ᠠᠰᠢᠭ ᠣᠯᠭᠤᠬᠤ ᠲᠤᠬᠠᠢ ᠬᠤᠳᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠲᠥᠪ ᠤᠨ ᠬᠢᠨ ᠦᠷ᠎ᠡ ᠣᠷᠣᠭᠤᠯᠤᠨ ᠴᠢᠬᠢ ᠪᠣᠶᠢᠵᠢᠭᠤᠯᠬᠤ ᠪᠠᠷ ᠳᠠᠮᠵᠢᠭᠤᠯᠵᠤ᠂ ᠴᠢᠪᠠᠭ᠎ᠠ ᠶᠢᠨ ᠮᠣᠳᠣᠨ ᠤ ᠰᠢᠨ᠎ᠡ ᠦᠨ᠎ᠡ ᠦᠷᠳᠡᠭ ᠢ ᠠᠭᠤᠳᠠᠯᠤᠨ ᠭᠠᠷᠭᠠᠭᠰᠠᠨ ᠪᠠᠶᠢᠨ᠎ᠠ᠃      ᠬᠠᠲᠤᠨ ᠭᠤᠣᠯ ᠤᠨ ᠲᠤᠬᠤᠢ ᠶᠢᠨ ᠬᠡᠰᠡᠭ ᠤᠨ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠬᠠᠩᠭᠢᠨ ᠬᠤᠶᠢᠲᠤ ᠬᠤᠰᠢᠭᠤᠨ ᠤ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ᠂ ᠬᠤᠲᠠ ᠶᠢᠨ ᠡᠯᠡᠰᠦᠨ ᠴᠥᠯ ᠤᠨ ᠲᠤᠷᠰᠢᠯᠲᠠ ᠶᠢᠨ ᠲᠥᠪ ᠤᠨ ᠲᠤᠷᠰᠢᠯᠲᠠ ᠶᠢᠨ ᠲᠠᠷᠢᠶᠠᠨ ᠳᠤ᠂ ᠰᠢᠨᠵᠢᠶᠠᠩ ᠠᠴᠠ ᠢᠷᠡᠭᠰᠡᠨ ᠴᠢᠪᠠᠭ᠎ᠠ ᠶᠢᠨ ᠵᠤᠯᠵᠠᠭ᠎ᠠ ᠮᠣᠳᠣ ᠨᠢᠭᠡᠨᠲᠡ ᠰᠣᠶᠣᠭᠠᠯᠠᠵᠤ᠂ ᠠᠵᠢᠯᠲᠠᠳ ᠶᠠᠭ ᠰᠠᠶ᠋ᠢᠬᠠᠨ ᠴᠢᠬᠢ ᠮᠣᠳᠣ ᠨᠥᠬᠦᠵᠦ ᠳᠠᠷᠢᠵᠤ᠂ ᠰᠠᠯᠠᠭ᠎ᠠ ᠨᠠᠮᠠᠭ᠎ᠠ ᠶᠢ ᠨᠢ ᠬᠠᠶᠢᠴᠢᠯᠠᠵᠤ᠂ ᠠᠮᠠᠰᠠᠷ ᠢ ᠨᠢ ᠪᠢᠲᠡᠭᠦᠮᠵᠢᠯᠡᠬᠦ ᠡᠮ ᠲᠦᠷᠬᠢᠵᠦ ᠪᠠᠶᠢᠨ᠎ᠠ᠃ ᠰᠢᠨᠵᠢᠶᠠᠩ ᠤᠨ ᠴᠢᠪᠠᠭ᠎ᠠ ᠶᠢ ᠵᠢᠮᠢᠰ ᠪᠣᠯᠭᠠᠨ ᠢᠳᠡᠵᠦ ᠪᠣᠯᠬᠤ ᠤᠴᠢᠷ ᠠᠴᠠ ︽ᠮᠣᠳᠣᠯᠢᠭ ᠠᠮᠤ ᠪᠤᠳᠠᠭᠠᠨ ᠤ ᠮᠣᠳᠣ︾ ᠭᠡᠳᠡᠭ᠂ 2023 ᠣᠨ ᠳᠤ᠂ ᠮᠠᠨ ᠤ ᠬᠤᠲᠠ ᠤᠯᠠᠭᠠᠨᠪᠤᠬ᠎ᠠ ᠶᠢᠨ ᠡᠯᠡᠰᠦᠨ ᠴᠥᠯ ᠤᠨ ᠰᠢᠨᠵᠢᠶᠠᠩ ᠤᠨ ᠴᠢᠪᠠᠭ᠎ᠠ ᠶᠢᠨ ᠡᠭᠦᠯᠳᠡᠷ ᠣᠷᠣᠭᠤᠯᠬᠤ ᠵᠢᠴᠢ ᠳᠠᠷᠢᠵᠤ ᠪᠣᠶᠢᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠵᠠᠶᠢᠯᠠᠬᠤ ᠪᠠ ᠨᠠᠷᠢᠨ ᠨᠢᠮᠪᠠᠢ ᠬᠠᠮᠢᠶᠠᠷᠤᠨ ᠬᠠᠮᠠᠭᠠᠯᠠᠬᠤ ᠪᠠᠷ ᠳᠡᠮᠵᠢᠨ᠂ ᠴᠢᠪᠠᠭ᠎ᠠ ᠶᠢᠨ ᠤᠷᠭᠤᠴᠠ ᠨᠢ ᠬᠥᠮᠥᠨ ᠢ ᠪᠠᠶᠠᠰᠬᠠᠨ᠎ᠠ᠃      ᠬᠤᠲᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠲᠥᠪ ᠤᠨ ᠭᠠᠳᠠᠭᠠᠳᠤ ᠲᠠᠢ ᠬᠠᠮᠲᠤᠷᠠᠯᠴᠠᠬᠤ ᠰᠠᠯᠠᠭᠠᠨ ᠤ ᠳᠡᠳ᠋ ᠳᠠᠷᠤᠭ᠎ᠠ ᠮᠠ ᠬᠠᠢ ᠹᠧᠩ ᠤᠨ ᠶᠠᠷᠢᠬᠤ ᠪᠠᠷ᠂ ᠲᠡᠭᠦᠨ ᠤ ᠤᠷᠭᠤᠯᠲᠠ ᠶᠢᠨ ᠬᠡᠮᠵᠢᠶ᠎ᠡ ᠮᠠᠰᠢ ᠶᠡᠭᠡ᠂ ᠲᠠᠩ ᠰᠠᠯᠠᠭ᠎ᠠ ᠮᠥᠴᠢᠷ ᠤᠨ ᠤᠷᠭᠤᠯᠲᠠ ᠶᠢᠨ ᠬᠡᠮᠵᠢᠶ᠎ᠡ ᠨᠢ 1.9 ᠮᠧᠲᠷ ᠬᠦᠷᠴᠦ ᠪᠣᠯᠣᠨ᠎ᠠ᠃ ᠲᠡᠭᠦᠨ ᠤ ᠡᠨᠡ ᠣᠨᠴᠠᠯᠢᠭ ᠪᠣᠯ ᠬᠤᠵᠢᠷ ᠲᠤ ᠳᠠᠭᠠᠭᠠᠮᠠᠭᠠᠢ᠂ ᠥᠷᠭᠡᠰᠦ ᠨᠢ ᠲᠤᠩ ᠪᠠᠭ᠎ᠠ᠂ ᠵᠢᠮᠢᠰ ᠨᠢ ᠶᠡᠭᠡ᠂ ᠨᠢᠭᠡ ᠮᠦ ᠲᠠᠷᠢᠶ᠎ᠠ ᠶᠢᠨ ᠬᠤᠷᠢᠶᠠᠯᠲᠠ ᠨᠢ ᠲᠤᠯᠤᠭ᠎ᠠ ᠨᠠᠢᠮᠠᠨ ᠵᠠᠭᠤᠨ ᠵᠢᠩ ᠳᠤ ᠬᠦᠷᠴᠦ᠂ ᠵᠢᠩ ᠳᠡᠭᠡᠨ 12—15 ᠲᠥᠭᠦᠷᠢᠭ ᠢᠶᠠᠷ ᠬᠤᠳᠠᠯᠳᠤᠳᠠᠭ ᠭᠡᠵᠤ ᠪᠠᠶᠢᠯ᠎ᠠ᠃      ᠣᠶᠢᠷ᠎ᠠ ᠶᠢᠨ ᠬᠡᠳᠦᠨ ᠵᠢᠯ ᠳᠤ᠂ ᠬᠤᠲᠠ ᠶᠢᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠲᠥᠪ ᠤᠨ ᠬᠢᠨ ᠲᠣᠰ ᠭᠠᠵᠠᠷ ᠲᠤ ᠳᠠᠷᠢᠬᠤ ᠳᠤ ᠲᠣᠬᠢᠷᠠᠬᠤ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠬᠤᠵᠢᠷ ᠲᠤ ᠳᠠᠭᠠᠭᠠᠮᠠᠭᠠᠢ ᠠᠵᠤ ᠠᠬᠤᠢ ᠶᠢᠨ ᠣᠶ ᠮᠣᠳᠣᠨ ᠤ ᠲᠥᠷᠥᠯ ᠢ ᠪᠣᠶᠢᠵᠢᠭᠤᠯᠬᠤ ᠪᠠᠷ ᠴᠢᠷᠮᠠᠶᠢᠵᠤ ᠪᠣᠶ᠂ ᠣᠳᠣᠬᠠᠨ ᠳᠤ ᠠᠵᠤ ᠠᠬᠤᠢ ᠶᠢᠨ ᠣᠶ ᠮᠣᠳᠣᠨ ᠤ ᠲᠥᠷᠥᠯ ᠵᠦᠢᠯ ᠢ ᠨᠡᠶᠢᠲᠡ 9 ᠣᠷᠣᠭᠤᠯᠤᠨ ᠠᠪᠴᠢᠷᠠᠵᠤ᠂ ᠡᠯᠪᠡᠭ ᠳᠡᠯᠪᠡᠭ ᠭᠠᠩ ᠬᠠᠭᠤᠷᠠᠢ ᠣᠷᠣᠨ ᠳᠤ ᠣᠶᠢᠵᠢᠭᠤᠯᠬᠤ ᠮᠣᠳᠣᠨ ᠤ ᠲᠥᠷᠥᠯ ᠢ ᠰᠣᠩᠭᠤᠬᠤ ᠶᠢᠨ ᠬᠠᠮᠲᠤ᠂ ᠡᠯᠡᠰᠦ ᠶᠢ ᠰᠡᠷᠭᠡᠶᠢᠯᠡᠬᠦ᠂ ᠣᠷᠣᠯᠭ᠎ᠠ ᠶᠢ ᠨᠡᠮᠡᠭᠳᠡᠭᠦᠯᠬᠦ ᠬᠤᠣᠰ ᠦᠷ᠎ᠡ ᠠᠰᠢᠭ ᠢ ᠣᠯᠣᠭᠰᠠᠨ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ