ᠣᠶᠢᠷ᠎ᠠ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ | ᠮᠥᠩᠭᠦᠨ ᠤ ᠨᠣᠷᠮ᠎ᠠ ᠶᠢ 0.25 ᠵᠠᠭᠤᠨ ᠤ ᠴᠡᠭ ᠪᠠᠭᠤᠷᠠᠭᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ | ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠴᠠᠭ ᠲᠤᠬᠠᠢ ᠳᠤ ᠨᠢ | ᠲᠣᠬᠢᠷᠠᠭᠤᠯᠵᠤ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠳᠤ ᠬᠡᠷᠬᠢᠨ | ᠪᠣᠳᠠᠲᠠᠢ ᠪᠠᠷ ᠬᠡᠷᠡᠭᠵᠢᠭᠦᠯᠬᠦ ᠪᠣᠢ︖ ᠲᠤᠰᠢᠶᠠᠨ ᠬᠠᠳᠠᠭᠠᠯᠠᠭᠤᠯᠤᠭᠴᠢ ᠲᠡᠭᠦᠨ ᠤ ᠳᠤᠮᠳᠠ ᠠᠴᠠ ᠬᠡᠳᠦᠢ ᠠᠰᠢᠭ ᠭᠥᠷᠳᠡᠬᠦ ᠪᠣᠶ︖ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠵᠢᠭᠡᠯᠡᠯᠭᠡ ᠶᠢᠨ | ᠬᠦᠦ ᠮᠥᠩᠭᠦᠨ ᠤ ᠨᠣᠷᠮ᠎ᠠ ᠶᠢ ᠲᠣᠬᠢᠷᠠᠭᠤᠯᠬᠤ ᠬᠡᠪᠴᠢᠶᠡᠨ ᠳᠤ ᠰᠢᠨ᠎ᠡ ᠪᠠᠷ ᠲᠠᠯᠪᠢᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠭᠲᠠᠬᠤ ᠪᠥᠭᠡᠳ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠴᠦ ᠪᠠᠭᠲᠠᠨ᠎ᠠ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠲᠠᠯᠪᠢᠭᠰᠠᠨ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ 2025 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠦᠦ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ︵ᠪᠠᠭᠲᠠᠨ᠎ᠠ︶ | ᠠᠴᠠ ᠰᠡᠭᠦᠯᠡᠷ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠲᠣᠬᠢᠷᠠᠭᠤᠯᠤᠭᠰᠠᠨ ᠤ | ᠳᠠᠷᠠᠭᠠᠬᠢ ᠬᠦᠦ ᠮᠥᠩᠭᠦᠨ ᠤ ᠰᠢᠨ᠎ᠡ ᠨᠣᠷᠮ᠎ᠠ ᠶᠢ ᠰᠢᠭᠤᠳ ᠬᠡᠷᠡᠭᠵᠢᠭᠦᠯᠦᠨ᠎ᠡ ᠭᠡᠵᠡᠢ᠃ | ᠣᠶᠢᠯᠠᠭᠠᠭᠰᠠᠨ ᠢᠶᠠᠷ᠂ ᠲᠣᠬᠢᠷᠠᠭᠤᠯᠤᠭᠰᠠᠨ ᠤ ᠳᠠᠷᠠᠭ᠎ᠠ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠠᠩᠬᠠᠳᠤᠭᠠᠷ | ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ | 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ 2. | 775% ᠪᠠ 3.325% ᠠᠴᠠ ᠳᠣᠣᠷ᠎ᠠ ᠦᠭᠡᠢ ᠪᠠᠷ ᠲᠣᠬᠢᠷᠠᠭᠤᠯᠪᠠ᠃ | ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠪᠠᠯ ᠰᠢᠭᠤᠳ ᠠᠰᠢᠭ ᠭᠥᠷᠳᠡᠬᠦ ᠨᠢ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠵᠢᠭᠡᠯᠡᠭᠴᠢᠳ ᠪᠣᠯᠣᠨ᠎ᠠ᠃ 100 ᠲᠦᠮᠡᠨ ᠲᠥᠭᠦᠷᠢᠭ᠂ 30 ᠵᠢᠯ ᠤᠨ ᠬᠤᠭᠤᠴᠠᠭᠠᠲᠤ ᠠᠩᠬᠠᠳᠤᠭᠠᠷ ᠢᠵᠢ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠵᠢᠱᠢᠶᠡᠯᠡᠪᠡᠯ᠂ ᠲᠡᠩᠴᠡᠭᠦᠦ | ᠲᠣᠭᠠᠨ ᠤ ᠡᠬᠡ ᠬᠦᠦ ᠮᠥᠩᠭᠦ ᠪᠠᠷ ᠵᠣᠭᠤᠰ ᠲᠥᠯᠥᠬᠦ ᠠᠷᠭ᠎ᠠ ᠶᠢ ᠰᠣᠩᠭᠤᠪᠠᠯ᠂ ᠰᠠᠷ᠎ᠠ ᠶᠢᠨ ᠬᠠᠩᠭᠠᠯᠭ᠎ᠠ ᠶᠢ 4270.16 ᠲᠥᠭᠦᠷᠢᠭ ᠪᠠᠶᠢᠭᠰᠠᠨ ᠠᠴᠠ 4135. | 57 ᠲᠥᠭᠦᠷᠢᠭ ᠪᠣᠯᠭᠠᠨ ᠪᠠᠭᠤᠷᠠᠭᠤᠯᠵᠤ᠂ ᠪᠠᠷᠤᠭ 135 ᠲᠥᠭᠦᠷᠢᠭ ᠬᠠᠰᠤᠭᠳᠠᠵᠤ᠂ ᠶᠡᠷᠦᠩᠬᠡᠢ ᠬᠦᠦ ᠮᠥᠩᠭᠦᠨ ᠤ ᠵᠠᠷᠤᠯᠭ᠎ᠠ 4.85 ᠲᠦᠮᠡᠨ ᠲᠥᠭᠦᠷᠢᠭ | ᠬᠠᠰᠤᠭᠳᠠᠬᠤ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠤᠰᠢᠶᠠᠨ ᠬᠠᠳᠠᠭᠠᠯᠠᠭᠤᠯᠤᠭᠴᠢ ᠶᠢᠨ | ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ 2012 ᠣᠨ ᠠᠴᠠ ᠨᠠᠭᠠᠰᠢ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠳᠡ 12.9 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ | ᠵᠢᠭᠡᠯᠡᠯᠭᠡ ᠶᠢᠨ ᠦᠯᠡᠳᠡᠪᠦᠷᠢ ᠲᠤᠭ᠎ᠠ 2.7 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠳᠤ 7.8 ᠲᠦᠮᠡᠨ ᠳ᠋ᠦᠩᠰᠢᠭᠤᠷ ᠲᠥᠭᠦᠷᠢᠭ | ᠪᠣᠯᠣᠨ ᠨᠡᠮᠡᠭᠳᠡᠵᠦ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠲᠠᠢ ᠪᠠᠶᠢᠬᠤ ᠶᠢ ᠪᠡᠶᠡᠯᠡᠭᠦᠯᠬᠦ ᠶᠢ ᠳᠡᠮᠵᠢᠪᠡ᠂ ᠡᠭᠦᠨ ᠳᠤ | 80% ᠠᠴᠠ ᠳᠡᠭᠡᠭᠰᠢᠬᠢ ᠨᠢ ᠠᠩᠬᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠤᠭᠰᠠᠳ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠵᠢᠯ ᠳᠠᠷᠠᠭᠠᠯᠠᠨ ᠲᠣᠭᠲᠠᠭᠤᠨ ᠢᠶᠠᠷ | ᠨᠡᠮᠡᠭᠳᠡᠵᠦ᠂ 2023 ᠣᠨ ᠤ ᠵᠢᠭᠡᠯᠡᠯᠭᠡ ᠶᠢᠨ ᠦᠯᠡᠳᠡᠪᠦᠷᠢ 7% ᠰᠢᠬᠠᠮ ᠢᠶᠠᠷ ᠨᠡᠮᠡᠭᠳᠡᠵᠦ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ | ᠬᠤᠭᠤᠴᠠᠭᠠᠨ ᠤ ᠬᠢ ᠠᠴᠠ 24% ᠪᠠᠷ ᠨᠡᠮᠡᠭᠳᠡᠨ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠭᠰᠡᠨ ᠪᠠᠶᠢᠨ᠎ᠠ᠃ | | ︽ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠢ ᠵᠢᠯᠣᠭᠤᠳᠤᠨ ᠲᠣᠭᠲᠠᠭᠠᠯ | ᠶᠣᠰᠣᠭᠠᠷ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠤᠭ ᠤᠨ ᠲᠡᠷᠢᠭᠦᠨ ᠳᠤ ᠲᠤᠰᠢᠶᠠᠨ ᠬᠠᠳᠠᠭᠠᠯᠠᠭᠤᠯᠤᠭᠴᠢ ᠳᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠬᠡᠯᠡᠪᠡ᠃ | | |